ᠵᠠᠷᠤᠳ ᠬᠤᠰᠢᠭᠤ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/9/26
    ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠶᠠᠰᠤ ᠴᠢᠨᠠᠷ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ ᠂ ᠵᠠᠷᠤᠳ ᠬᠤᠰᠢᠭᠤᠨ ᠤ ᠨᠢᠭᠡᠳᠦᠮᠡᠯ ᠹᠷᠣᠨᠲ ᠤᠨ ᠡᠯ᠎ᠡ ᠵᠦᠢᠯ ᠤᠨ ᠠᠵᠢᠯ ᠢ ᠨᠠᠩ ᠴᠠᠭ ᠲᠤᠬᠠᠶ ᠳᠤᠨᠢ᠂ ᠪᠥᠬᠦ ᠲᠠᠯ᠎ᠠ ᠪᠠᠷ᠂ ᠣᠨᠣᠪᠴᠢᠲᠠᠶ ᠲᠤᠰᠬᠠᠬᠤ ᠶᠢᠨ ᠲᠥᠯᠥᠭᠡ᠂ 9 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠲᠠᠪᠣᠳᠣᠭᠠᠷ ᠰᠠᠯᠠᠭᠠᠨ ᠤ ᠳᠠᠷᠤᠭ᠎ᠠ ᠾᠧᠦ ᠽᠧ ᠴᠢᠶᠦ᠋ᠩ ᠬᠤᠷᠠᠯ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠮᠡᠳᠡᠭᠡ ᠵᠠᠩᠭᠢᠴᠢᠨ᠂ ᠨᠢᠭᠡᠳᠦᠮᠡᠯ ᠹᠷᠣᠨᠲ ᠤᠨ ᠰᠢᠰᠲ᠋ᠧᠮ ᠤᠨ ᠪᠥᠬᠦ ᠺᠠᠳ᠋ᠷ ᠨᠡᠶᠢᠲᠡ 200 ᠭᠠᠷᠤᠶ ᠬᠦᠮᠦᠰ ᠣᠷᠣᠯᠴᠠᠪᠠ᠃    ᠲᠣᠰ ᠤᠳᠠᠭᠠᠨ ᠤ ᠪᠣᠯᠪᠠᠰᠤᠷᠠᠭᠤᠯᠤᠯ ᠨᠢ ︽ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠴᠢᠬᠤᠯᠠ ᠴᠢᠨᠠᠷ︾᠂ ︽ᠨᠢᠭᠡᠳᠦᠮᠡᠯ ᠹᠷᠣᠨᠲ ᠤᠨ ᠤᠬᠠᠭᠤᠯᠭ᠎ᠠ ᠨᠢ ᠶᠠᠮᠠᠷ ᠦᠢᠯᠡᠳᠦᠯ ᠢ ᠪᠠᠳᠠᠷᠠᠭᠤᠯᠬᠤ ᠬᠡᠷᠡᠭᠲᠡᠶ︾᠂ ︽ᠨᠢᠭᠡᠳᠦᠮᠡᠯ ᠹᠷᠣᠨᠲ ᠤᠨ ᠤᠬᠠᠭᠤᠯᠭ᠎ᠠ ᠶᠢᠨ ᠪᠠᠷᠢᠮᠵᠢᠶ᠎ᠠ︾ ᠵᠡᠷᠭᠡ ᠠᠭᠤᠯᠭ᠎ᠠ ᠶᠢᠨ ᠲᠣᠭᠤᠷᠢᠨ ᠳᠤ᠂ ︽ᠣᠨᠣᠯ ᠤᠨ ᠲᠠᠶᠢᠯᠪᠤᠷᠢᠯᠠᠯᠲᠠ + ᠬᠡᠷᠡᠭ ᠤᠨ ᠵᠢᠱᠢᠶ᠎ᠡ ᠶᠢᠨ  ᠵᠠᠳᠣᠯᠣᠯᠲᠠ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠨ᠂ ᠡᠯ᠎ᠡ ᠲᠥᠷᠥᠯ ᠤᠨ ᠮᠡᠳᠡᠭᠡ ᠵᠠᠩᠭᠢ ᠶᠢᠨ ᠬᠡᠷᠡᠭᠯᠡᠬᠦ ᠣᠨᠴᠠᠯᠢᠭ ᠢ ᠵᠣᠭᠰᠣᠴᠠ᠂ ᠰᠡᠳᠦᠪ ᠰᠣᠩᠭᠤᠬᠤ᠂ ᠪᠦᠲᠦᠴᠡ ᠵᠡᠷᠭᠡ ᠣᠯᠠᠨ ᠲᠠᠯ᠎ᠠ ᠠᠴᠠ ᠵᠠᠳᠠᠯᠵᠤ᠂ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠤ ᠣᠨᠣᠯ ᠤᠨ ᠰᠠᠭᠤᠷᠢ ᠪᠠ ᠦᠢᠯᠡᠳᠦᠯᠭᠡ ᠶᠢᠨ ᠵᠢᠯᠣᠭᠤᠳᠣᠯᠭ᠎ᠠ ᠬᠠᠩᠭᠠᠪᠠ᠃    ᠬᠤᠷᠠᠯ ᠠᠴᠠ᠂ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠨ ᠡᠵᠡᠮᠰᠢᠵᠦ᠂ ᠢᠮᠠᠭᠲᠠ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠮᠡᠳᠡᠭᠡ ᠵᠠᠩᠭᠢ ᠶᠢᠨ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠮᠡᠳᠡᠭᠡ ᠵᠠᠩᠭᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠣᠳᠤᠯ ᠢᠶᠠᠨ ᠴᠢᠩᠭᠠᠳᠬᠠᠬᠤ ᠬᠡᠷᠡᠭᠲᠡᠢ᠃ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠬᠤᠪᠢᠷᠠᠯᠲᠠ ᠶᠢ ᠭᠦᠨᠵᠡᠭᠡᠢ ᠲᠠᠨᠢᠨ ᠡᠵᠡᠮᠰᠢᠵᠦ᠂ ᠠᠵᠢᠯ ᠢᠶᠠᠨ ᠡᠮᠬᠢᠯᠡᠵᠦ᠂ ᠬᠢᠯᠠᠰ ᠴᠡᠭ ᠢᠶᠠᠨ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠬᠡᠷᠡᠭᠴᠡᠭᠡ ᠲᠠᠢ ᠦᠶ᠎ᠡ ᠳᠤ ᠬᠠᠩᠭᠠᠵᠤ᠂ ᠠᠷᠭ᠎ᠠ ᠤᠬᠠᠭᠠᠨ ᠰᠦᠪᠡᠭᠴᠢᠯᠡᠵᠦ᠂ ᠵᠠᠩᠭᠢᠯᠠᠭ᠎ᠠ ᠶᠢᠨ ᠭᠠᠵᠠᠷ ᠲᠤ ᠲᠥᠯᠥᠪᠵᠢᠭᠦᠯᠬᠦ ᠬᠡᠷᠡᠭᠲᠡᠢ᠃ ᠣᠳᠣᠬᠠᠨ ᠤ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠭᠦᠨᠵᠡᠭᠡᠢ ᠲᠠᠨᠢᠨ ᠡᠵᠡᠮᠰᠢᠵᠦ᠂ ᠳᠣᠲᠠᠭᠲᠠᠯ ᠢᠶᠠᠨ ᠡᠷᠢᠵᠦ᠂ ᠮᠡᠳᠡᠭᠡ ᠵᠠᠩᠭᠢᠴᠢ ᠶᠢᠨ ᠤᠨᠤᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠠᠵᠢᠯ ᠤᠨ ᠰᠡᠳᠬᠢᠴᠡ ᠪᠠᠨ ᠥᠷᠭᠡᠳᠬᠡᠵᠦ᠂ ᠮᠡᠳᠡᠭᠡ ᠵᠠᠩᠭᠢ ᠶᠢᠨ ᠠᠵᠢᠯ ᠤᠨ ᠰᠡᠳᠬᠢᠬᠦᠢ ᠪᠠᠨ ᠰᠢᠯᠢᠳᠡᠭᠵᠢᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠳᠬᠠᠵᠤ᠂ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠶᠢᠨ ᠶᠠᠰᠤ ᠴᠢᠨᠠᠷ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠪᠣᠯᠪᠠᠰᠤᠷᠠᠯ ᠳᠤ ᠣᠷᠣᠯᠴᠠᠭᠰᠠᠳ᠂ ᠲᠣᠰ ᠤᠳᠠᠭᠠᠨ ᠤ ᠪᠣᠯᠪᠠᠰᠤᠷᠠᠯ ᠤᠨ ᠭᠤᠤᠯᠳᠠᠯᠭ᠎ᠠ ᠲᠣᠪᠤᠶᠢᠮ᠎ᠠ᠂ ᠠᠭᠤᠯᠭ᠎ᠠ ᠬᠡᠷᠡᠭᠴᠡᠭᠡ ᠲᠠᠢ᠂ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠣᠳᠤᠯ ᠢᠶᠠᠨ ᠦᠨᠡᠨ ᠬᠦ ᠴᠢᠩᠭᠠᠳᠬᠠᠵᠤ᠂ ᠬᠤᠶᠢᠰᠢᠳᠠ ᠨᠢᠭᠡᠳᠦᠮᠡᠯ ᠹᠷᠣᠨᠲ ᠤᠨ ᠬᠦᠷᠢᠶ᠎ᠡ ᠴᠠᠷ᠎ᠠ ᠳᠠᠬᠢ ᠬᠦᠴᠦᠨ ᠢᠶᠠᠨ ᠨᠢᠭᠲᠠᠷᠠᠭᠤᠯᠵᠤ᠂ ᠡᠷᠳᠡᠨᠢ ᠶᠢᠨ ᠦᠢᠯᠡᠳᠦᠯ ᠢ ᠪᠠᠳᠠᠷᠠᠭᠤᠯᠬᠤ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ᠂ ᠰᠢᠨ᠎ᠡ ᠶᠢ ᠡᠭᠦᠳᠬᠦ ᠬᠢᠯᠠᠰ ᠴᠡᠭ ᠢ ᠡᠮᠬᠢᠯᠡᠨ ᠳ᠋ᠦᠩᠨᠡᠵᠦ᠂ ᠨᠢᠭᠡᠳᠦᠮᠡᠯ ᠹᠷᠣᠨᠲ ᠤᠨ ᠥᠯᠢᠭᠡᠷ ᠢ ᠦᠷᠭᠦᠯᠵᠢᠯᠡᠨ ᠰᠠᠶᠢᠲᠤᠷ ᠶᠠᠷᠢᠵᠤ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠤᠬᠠᠭᠤᠯᠭ᠎ᠠ ᠮᠡᠳᠡᠭᠡ ᠵᠠᠩᠭᠢ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ ᠭᠡᠵᠦ ᠢᠯᠡᠳᠬᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号