ᠪᠥᠬᠦ ᠬᠤᠰᠢᠭᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ ᠬᠤᠤ ᠪᠥᠬᠦ ᠬᠤᠰᠢᠭᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠢᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠢᠦᠶ ᠯᠢᠩ ᠬᠤᠤ ᠵᠢᠭᠠᠪᠣᠷᠢᠯᠠᠭᠰᠠᠨ ᠨᠢ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠭ᠎ᠠ ᠶᠢᠨ ᠠᠵᠢᠯ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠲᠥᠪ ᠶᠣᠰᠣ ᠶᠢ ᠡᠷᠬᠢᠮᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠢ ᠳᠣᠪᠤᠶᠢᠯᠭᠠᠵᠤ᠂ ᠰᠢᠨ᠎ᠡ ᠴᠠᠭ ᠦᠶ᠎ᠡ ᠶᠢᠨ ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠦᠵᠡᠯ ᠰᠠᠨᠠᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠳᠡᠮᠵᠢᠯᠭᠡ ᠪᠠ ᠰᠣᠶᠣᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠦᠪᠡᠷ ᠦᠪᠡᠷ ᠤᠨ ᠬᠦᠷᠢᠶ᠎ᠡ ᠴᠠᠷ᠎ᠠ ᠳᠠᠬᠢ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠬᠢᠯᠠᠰ ᠴᠡᠭ ᠢ ᠳ᠋ᠦᠩᠨᠡᠵᠦ᠂ ᠳᠠᠮᠵᠢᠭᠤᠯᠬᠤ ᠬᠦᠴᠦᠨ᠂ ᠬᠦᠳᠦᠯᠦᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠪᠠᠷ ᠤᠬᠠᠭᠤᠯᠭ᠎ᠠ ᠠᠵᠢᠯ ᠤᠨ ᠰᠢᠨ᠎ᠡ ᠭᠡᠷᠡᠯ ᠭᠢᠯᠪᠠᠭ᠎ᠠ ᠪᠠᠨ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃    ᠢᠦᠢ ᠯᠢᠩ ᠬᠤᠤ ᠴᠢᠬᠤᠯᠠᠴᠢᠯᠠᠭᠰᠠᠨ ᠨᠢ᠂ ᠲᠠᠨᠢᠯᠲᠠ ᠪᠠᠨ ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠠᠵᠤ ᠠᠬᠤᠢ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ︽ᠦᠵᠡᠭᠳᠡᠯ ᠺᠠᠮᠧᠷᠠ︾᠂ ︽ᠭᠠᠷ ᠲᠠᠬᠢ ᠪᠢᠷ︾ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ᠂ ᠴᠢᠬᠤᠯᠠ ᠶᠡᠭᠡ ᠲᠥᠯᠥᠪᠵᠢᠭᠦᠯᠭᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯ ᠳᠠᠶᠢᠨ ᠤ ᠲᠠᠯᠠᠪᠤᠷ ᠢ ᠣᠨᠢᠯᠠᠵᠤ ᠂ ᠲᠦᠷᠦᠯ ᠵᠦᠢᠯ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠶᠢ ᠴᠠᠭ ᠲᠤᠬᠠᠢ ᠳᠤᠨᠢ᠂ ᠠᠭᠤᠳᠠᠯᠵᠤ᠂ ᠴᠤᠭᠯᠠᠭᠤᠯᠵᠤ᠂ ᠰᠠᠶᠢᠲᠤᠷ ᠨᠠᠶᠢᠷᠠᠭᠤᠯᠵᠤ᠂ ᠲᠣᠭᠲᠠᠭᠤᠨ᠂ ᠪᠦᠲᠦᠮᠵᠢᠲᠡᠢ᠂ ᠲᠦᠷᠭᠡᠨ ᠤᠯᠠᠮᠵᠢᠯᠠᠨ ᠨᠡᠪᠲᠡᠷᠡᠯᠴᠡᠬᠦ ᠠᠷᠭ᠎ᠠ ᠵᠠᠮ ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠶᠢᠨ ᠵᠠᠷᠤᠳ ᠤᠨ ᠦᠯᠢᠭᠡᠷ ᠢ ᠪᠦᠬᠦ ᠲᠠᠯ᠎ᠠ ᠪᠠᠷ ᠰᠠᠶᠢᠲᠤᠷ ᠶᠠᠷᠢᠵᠤ᠂ ᠵᠠᠷᠤᠳ ᠤᠨ ᠢᠷᠠᠭᠤ ᠠᠯᠳᠠᠷ᠂ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠦᠪᠡᠷ ᠦᠪᠡᠷ ᠤᠨ ᠬᠦᠷᠢᠶ᠎ᠡ ᠴᠠᠷ᠎ᠠ ᠳᠠᠬᠢ ᠬᠢᠯᠠᠰ ᠴᠡᠭ ᠤᠨ ᠠᠵᠢᠯ᠂ ᠰᠣᠨᠢᠨ ᠮᠡᠳᠡᠭᠡᠨ ᠤ ᠰᠡᠳᠦᠪ ᠰᠣᠩᠭᠤᠬᠤ᠂ ᠲᠠᠷᠠᠭᠠᠴᠢ ᠶᠢᠨ ᠠᠯᠬᠤᠮ ᠤᠨ ᠤᠬᠠᠭᠤᠯᠭ᠎ᠠ ᠶᠢᠨ ᠠᠵᠢᠯ ᠤᠨ ᠲᠥᠯᠥᠪᠯᠡᠭᠡ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号