5 ᠳ᠋ᠦᠩᠨᠡᠵᠦ ᠦᠨᠡᠯᠡᠬᠦ | ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠳᠤ᠂ ᠡᠯ᠎ᠡ ᠬᠠᠮᠢᠶ᠎ᠠ ᠪᠦᠬᠦᠢ ᠨᠢᠭᠡᠴᠡ ᠵᠢᠴᠢ ᠭᠤᠣᠯᠳᠠᠯᠭ᠎ᠠ ᠲᠠᠢ | ᠠᠵᠤ ᠠᠬᠤᠶᠢᠯᠠᠯ ᠬᠢᠨ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠶᠠᠪᠤᠴᠠ ᠶᠢᠨ ᠲᠡᠮᠳᠡᠭᠯᠡᠯ | ᠢᠶᠠᠨ ᠰᠠᠶᠢᠲᠤᠷ ᠬᠢᠵᠦ᠂ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠳᠠᠷᠠᠭ᠎ᠠ ᠴᠠᠭ | ᠲᠤᠬᠠᠶ ᠳᠤᠨᠢ ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ | ᠬᠤᠰᠢᠭᠤᠨ ᠤ ᠬᠤᠪᠢᠶᠠᠷᠢ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠲᠦᠩᠯᠢᠶᠣᠤ ᠬᠤᠲᠠ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠬᠦᠨᠳᠦ | ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠭᠰᠠᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠢᠭᠡᠳᠦᠯᠲᠡᠶ | ᠲᠥᠯᠥᠪᠯᠡᠨ ᠲᠣᠭᠤᠷᠪᠢᠨ ᠪᠢᠴᠢᠨ᠎ᠡ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ 4 ᠠᠵᠢᠯᠯᠠᠬᠤ | ᠡᠳᠦᠷ ᠤᠨ ᠳᠣᠲᠣᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠬᠤᠲᠠ ᠶᠢᠨ | ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃ ᠦᠨᠡᠯᠡᠬᠦ | ᠮᠡᠳᠡᠭᠦᠯᠦᠯᠲᠡ ᠶᠢᠨ ᠠᠭᠤᠯᠭ᠎ᠠ ᠳᠤ ᠪᠠᠴᠢᠮ ᠪᠠᠶᠢᠳᠠᠯ ᠢ ᠠᠷᠭᠠᠴᠠᠭᠠᠬᠤ ᠴᠣᠣᠷᠢᠶᠠᠳᠤᠯ ᠤᠨ ᠲᠠᠰ᠂ ᠠᠪᠤᠭᠰᠠᠨ ᠪᠠᠴᠢᠮ | ᠠᠷᠭᠠᠴᠠᠭᠠᠬᠤ ᠠᠷᠭ᠎ᠠ ᠬᠡᠮᠵᠢᠶ᠎ᠡ᠂ ᠣᠯᠤᠭᠰᠠᠨ ᠦᠷ᠎ᠡ ᠪᠦᠲᠦᠮᠵᠢ᠂ ᠢᠯᠡᠷᠡᠭᠰᠡᠨ ᠠᠰᠠᠭᠤᠳᠠᠯ ᠢ ᠪᠠᠭᠲᠠᠭᠠᠬᠤ ᠶᠢᠨ | ᠬᠠᠮᠲᠤ᠂ ᠣᠷᠣᠰᠢᠵᠤ ᠪᠠᠶᠢᠬᠤ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠪᠠᠨ ᠳᠣᠷᠠᠳᠬᠤ ᠵᠡᠷᠭᠡ ᠶᠢ ᠪᠠᠭᠲᠠᠭᠠᠬᠤ ᠬᠡᠷᠡᠭᠲᠡᠶ᠃ | 6 ᠪᠠᠲᠤᠯᠠᠭ᠎ᠠ ᠶᠢᠨ ᠠᠷᠭ᠎ᠠ ᠬᠡᠮᠵᠢᠶ᠎ᠡ | 6.1 ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠣᠯᠠᠭ᠎ᠠ | ᠲᠦᠩᠯᠢᠶᠣᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ | ᠬᠤᠪᠢᠶᠠᠷᠢ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠠᠴᠠ ᠣᠷᠴᠢᠨ ᠲᠣᠭᠤᠷᠢᠨ ᠤ ᠬᠢᠨᠠᠨ | ᠬᠡᠮᠵᠢᠯᠲᠡ᠂ ᠴᠠᠭ ᠠᠭᠤᠷ ᠤᠨ ᠠᠵᠢᠭᠯᠠᠯᠲᠠ᠂ ᠤᠷᠢᠳᠴᠢᠯᠠᠭᠰᠠᠨ ᠮᠡᠳᠡᠭᠡ ᠵᠢᠴᠢ ᠣᠷᠴᠢᠨ ᠲᠣᠭᠤᠷᠢᠨ ᠤ ᠠᠭᠠᠷ ᠤᠨ | ᠴᠢᠨᠠᠷ ᠢ ᠲᠥᠰᠦᠭᠡᠯᠡᠬᠦ ᠲᠠᠯ᠎ᠠ ᠶᠢᠨ ᠲᠤᠰᠬᠠᠢ ᠴᠢᠳᠠᠪᠤᠷᠢᠲᠠᠨ ᠢ ᠬᠦᠴᠦᠯᠡᠨ ᠬᠥᠮᠦᠵᠢᠭᠦᠯᠵᠦ᠂ ᠠᠭᠠᠷ ᠤᠨ ᠴᠢᠨᠠᠷ ᠢ | ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠳᠤ ᠤᠨᠤᠯ ᠤᠨ ᠵᠢᠯᠤᠭᠤᠳᠤᠯᠭ᠎ᠠ ᠪᠠ ᠮᠡᠷᠭᠡᠵᠢᠯ ᠤᠨ ᠳᠡᠮᠵᠢᠯᠭᠡ ᠬᠠᠩᠭᠠᠨ᠎ᠠ᠃ | 6.2 ᠵᠠᠷᠤᠳᠠᠯ ᠤᠨ ᠪᠠᠲᠤᠯᠠᠭ᠎ᠠ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠲᠣᠭᠲᠠᠭᠠᠯ ᠶᠣᠰᠣᠭᠠᠷ ᠬᠦᠨᠳᠦ ᠪᠣᠬᠢᠷᠲᠤᠯᠳᠤ ᠴᠠᠭ | ᠠᠭᠤᠷ ᠢ ᠪᠠᠴᠢᠮ ᠠᠷᠭᠠᠴᠠᠭᠠᠬᠤ ᠳᠤ ᠬᠡᠷᠡᠭᠰᠡᠬᠦ ᠪᠠᠯᠠ ᠮᠥᠩᠭᠦ ᠶᠢ ᠲᠥᠰᠦᠪ ᠲᠡᠭᠡᠨ ᠣᠷᠣᠭᠤᠯᠵᠤ᠂ ᠬᠦᠨᠳᠦ | ᠪᠣᠬᠢᠷᠲᠤᠯᠳᠤ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ᠂ ᠬᠢᠨᠠᠨ ᠪᠠᠶᠢᠴᠠᠭᠠᠬᠤ ᠵᠢᠴᠢ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ | ᠠᠵᠢᠯᠯᠠᠭᠠᠨ ᠪᠠ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠮᠡᠷᠭᠡᠵᠢᠯ ᠤᠨ ᠳᠡᠮᠵᠢᠯᠭᠡ ᠪᠠ ᠰᠣᠷᠢᠯᠲᠠ ᠵᠡᠷᠭᠡ | ᠡᠯ᠎ᠡ ᠵᠦᠢᠯ ᠤᠨ ᠠᠵᠢᠯ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠨ᠎ᠠ᠃ | 6.3 ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢᠨ ᠪᠠᠲᠤᠯᠠᠭ᠎ᠠ | ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ | ᠬᠤᠪᠢᠶᠠᠷᠢ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠬᠢᠨ ᠣᠷᠴᠢᠨ ᠲᠣᠭᠤᠷᠢᠨ ᠤ ᠠᠭᠠᠷ ᠤᠨ | ᠴᠢᠨᠠᠷ ᠢ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠣᠷᠴᠢᠨ ᠲᠣᠭᠤᠷᠢᠨ ᠤ ᠠᠭᠠᠷ ᠤᠨ ᠴᠢᠨᠠᠷ ᠢ ᠬᠢᠨᠠᠨ ᠬᠡᠮᠵᠢᠬᠦ ᠪᠠᠭᠠᠵᠢ ᠲᠥᠬᠦᠭᠡᠷᠦᠮᠵᠢ᠂ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠠᠭᠪᠤᠷ ᠵᠡᠷᠭᠡ ᠤᠶᠠᠨ ᠬᠠᠲᠠᠭᠤ ᠲᠣᠨᠤᠭ ᠤᠨ | ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠭᠠᠷ ᠤᠨ ᠴᠢᠨᠠᠷ᠂ ᠴᠠᠭ ᠠᠭᠤᠷ ᠤᠨ | ᠨᠥᠬᠦᠴᠡᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠵᠡᠷᠭᠡ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ | ᠰᠤᠳᠤᠯᠭᠠᠨ ᠢ ᠴᠢᠩᠭᠠᠳᠬᠠᠬᠤ ᠬᠡᠷᠡᠭᠲᠡᠶ᠃ | 6.4 ᠮᠡᠳᠡᠭᠡ ᠬᠤᠯᠪᠣᠭ᠎ᠠ ᠪᠠ ᠰᠤᠷᠠᠭ ᠵᠠᠩᠭᠢ ᠶᠢᠨ ᠪᠠᠲᠤᠯᠠᠭ᠎ᠠ | ᠡᠯ᠎ᠡ ᠬᠠᠮᠢᠶ᠎ᠠ ᠪᠥᠬᠦᠶ ᠨᠢᠭᠡᠴᠡ ᠬᠢᠨ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ | ᠵᠢᠵᠢᠭᠦᠷᠯᠡᠨ ᠰᠠᠬᠢᠬᠤ ᠲᠦᠷᠢᠮ ᠢ ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ | ᠬᠠᠷᠢᠭᠤᠴᠠᠯᠭᠠᠲᠠᠨ ᠪᠠ ᠬᠤᠯᠪᠣᠭᠠᠴᠢᠨ ᠢ ᠲᠣᠳᠣᠷᠬᠠᠶᠢᠯᠠᠨ᠂ ᠪᠠᠴᠢᠮ ᠪᠠᠶᠢᠳᠠᠯ ᠢ ᠠᠷᠭᠠᠴᠠᠭᠠᠬᠤ ᠴᠣᠣᠷᠢᠶᠠᠳᠣᠨ | ᠳᠠᠭᠠᠬᠤ ᠬᠤᠭᠤᠴᠠᠭᠠᠨ ᠳᠤ 24 ᠴᠠᠭ ᠴᠢᠮᠡᠭᠡ ᠬᠤᠯᠪᠣᠭ᠎ᠠ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠪᠠᠴᠢᠮ | ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠪᠠ ᠵᠠᠷᠯᠢᠭ ᠢ ᠴᠠᠭ ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ | ᠪᠠᠲᠤᠯᠠᠬᠤ ᠬᠡᠷᠡᠭᠲᠡᠶ᠃ | 6.5 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠨ ᠬᠦᠨᠳᠦ ᠪᠣᠬᠢᠷᠲᠤᠯ ᠲᠠᠢ ᠴᠠᠭ | ᠠᠭᠤᠷ ᠠᠴᠠ ᠪᠣᠯᠣᠭᠠᠳ ᠡᠪᠡᠳᠴᠢᠨ ᠡᠮᠭᠡᠭ ᠭᠡᠨᠡᠳᠲᠡ ᠳᠡᠯᠭᠡᠷᠡᠬᠦ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶ᠎ᠠ | ᠪᠥᠬᠦᠶ ᠡᠮᠨᠡᠯᠭᠡ ᠶᠢᠨ ᠠᠵᠢᠯᠲᠠᠨ ᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠪᠠᠲᠤᠯᠠᠵᠤ᠂ ᠬᠠᠮᠢᠶ᠎ᠠ ᠪᠥᠬᠦᠶ ᠡᠮ | ᠡᠮᠨᠡᠯᠭᠡ ᠡᠳ᠋ ᠪᠣᠳᠠᠰ ᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠳᠣᠭᠢᠷᠠᠭᠤᠯᠬᠤ ᠲᠣᠭᠲᠠᠴᠠ ᠶᠢᠨ | ᠪᠠᠶᠢᠭᠤᠯᠣᠯᠲᠠ ᠶᠢ ᠴᠢᠩᠭᠠᠳᠬᠠᠬᠤ ᠬᠡᠷᠡᠭᠲᠡᠢ᠃ | 6.6 ᠠᠮᠤᠷ ᠲᠦᠪᠰᠢᠨ ᠤ ᠪᠠᠲᠤᠯᠠᠭ᠎ᠠ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠬᠢᠨ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ | ᠠᠷᠭᠠᠴᠠᠭᠠᠬᠤ ᠳᠤ ᠦᠢᠯᠡᠳᠪᠦᠷᠢᠯᠡᠯ ᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠠᠪᠬᠤ ᠠᠴᠠ ᠡᠮᠦᠨ᠎ᠡ᠂ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠲᠦᠩᠯᠢᠶᠣᠤ ᠬᠤᠲᠠ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ᠲᠠᠢ | ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠦᠢᠯᠡᠳᠪᠦᠷᠢᠯᠡᠬᠦ ᠶᠢ ᠵᠣᠭᠰᠣᠭᠠᠬᠤ ︵ᠬᠢᠵᠠᠭᠠᠷᠯᠠᠬᠤ︶ ᠠᠵᠤ | ᠠᠬᠤᠶᠢᠯᠠᠯ ᠤᠨ ᠠᠶᠤᠯ ᠲᠦᠭᠰᠢᠭᠦᠷᠢ ᠶᠢᠨ ᠲᠡᠰ ᠢ ᠬᠠᠤᠯᠢ ᠶᠣᠰᠣᠭᠠᠷ ᠲᠣᠭᠲᠠᠭᠠᠵᠤ᠂ ᠲᠦᠭᠰᠢᠭᠦᠷᠢ ᠨᠡᠯᠢᠶᠡᠳ ᠶᠡᠭᠡ | ᠠᠵᠤ ᠠᠬᠤᠶᠢᠯᠠᠯ ᠳᠤ ᠲᠤᠰᠬᠠᠶ ᠮᠡᠷᠭᠡᠵᠢᠯᠲᠡᠨ ᠬᠢᠭᠡᠳ ᠬᠢᠨᠠᠨ ᠬᠠᠮᠢᠶᠠᠷᠬᠤ ᠠᠵᠢᠯᠳᠠᠨ ᠲᠣᠮᠢᠯᠠᠵᠤ ᠠᠬᠤᠢ ᠲᠠᠯᠠᠪᠠᠢ | ᠳᠤ ᠣᠴᠢᠭᠤᠯᠵᠤ᠂ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠦᠭᠰᠢᠭᠦᠷᠢ ᠶᠢ ᠢᠯᠭᠠᠨ | ᠲᠠᠨᠢᠬᠤ ᠶᠢ ᠥᠷᠨᠢᠭᠦᠯᠵᠦ᠂ ᠲᠠᠯᠳᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠬᠦ ᠶᠢ ᠵᠣᠭᠰᠣᠭᠠᠬᠤ ︵ᠬᠢᠵᠠᠭᠠᠷᠯᠠᠬᠤ︶ ᠬᠤᠭᠤᠴᠠᠭᠠᠨ ᠳᠤ᠂ ᠠᠮᠤᠷ | ᠲᠥᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠦᠢᠯᠡᠳᠪᠦᠷᠢᠯᠡᠯ ᠤᠨ ᠠᠳᠡᠯ ᠪᠣᠯᠤᠨ ᠣᠷᠴᠢᠨ | ᠲᠣᠭᠤᠷᠢᠨ ᠢ ᠪᠣᠬᠢᠷᠲᠤᠭᠤᠯᠬᠤ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ᠃ | 6.7 ᠲᠦ᠋ᠷᠢᠮ ᠤᠨ ᠪᠠᠲᠤᠯᠠᠭ᠎ᠠ | ᠡᠯ᠎ᠡ ᠬᠠᠮᠢᠶ᠎ᠠ ᠪᠥᠬᠦᠶ ᠨᠢᠭᠡᠴᠡ ᠬᠢᠨ ᠲᠣᠰ ᠪᠡᠯᠡᠳᠬᠡᠯ ᠲᠥᠰᠦᠯ ᠤᠨ ᠲᠣᠭᠲᠠᠭᠠᠯ ᠢ ᠦᠨᠳᠦᠰᠦᠯᠡᠨ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠬᠤ ᠵᠣᠬᠢᠬᠤ ᠲᠤᠰᠬᠠᠶ | ᠬᠡᠷᠡᠭᠵᠢᠭᠦᠯᠬᠦ ᠲᠥᠰᠦᠯ ᠲᠣᠭᠲᠠᠭᠠᠵᠤ᠂ ᠭᠤᠣᠯᠳᠠᠭᠤ ᠠᠵᠤ ᠦᠢᠯᠡᠳᠪᠦᠷᠢ ᠶᠢᠨ ᠠᠭᠠᠷ ᠮᠠᠨᠳᠠᠯ ᠤᠨ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠬᠦᠨᠳᠦ ᠬᠡᠯᠪᠡᠷᠢ ᠶᠢᠨ ᠴᠠᠶᠢᠶ᠋ᠢᠤ ᠲᠡᠷᠭᠡ ᠪᠣᠯᠤᠨ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ᠂ ᠵᠠᠮ ᠪᠣᠯᠤᠨ ᠪᠠᠷᠢᠯᠭ᠎ᠠ ᠶᠢᠨ ᠠᠵᠢᠯ ᠤᠨ ᠭᠠᠵᠠᠷ ᠤᠨ | ᠲᠣᠭᠤᠰᠣ ᠰᠢᠷᠣᠶ ᠶᠢᠨ ᠬᠠᠮᠢᠶᠠᠷᠤᠯᠲᠠ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ | 7 ᠪᠡᠯᠡᠳᠬᠡᠯ ᠲᠥᠰᠥᠯ ᠤᠨ ᠬᠠᠮᠢᠶᠠᠷᠤᠯᠲᠠ | 7.1ᠪᠡᠯᠡᠳᠬᠡᠯ ᠲᠥᠰᠥᠯ ᠤᠨ ᠤᠬᠠᠭᠤᠯᠭ᠎ᠠ ᠪᠠ ᠪᠣᠯᠪᠠᠰᠤᠷᠠᠭᠤᠯᠤᠯ | ︵1︶ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠰᠣᠨᠢᠨ ᠮᠡᠳᠡᠭᠡᠨ ᠤ ᠵᠠᠭᠤᠴᠢᠯᠠᠭᠤᠷ | ᠵᠢᠴᠢ ᠮᠡᠳᠡᠭᠡ ᠵᠠᠩᠭᠢ ᠰᠦᠯᠵᠢᠶ᠎ᠡ ᠶᠢ ᠵᠣᠬᠢᠴᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠠᠭᠠᠷ ᠮᠠᠨᠳᠠᠯ ᠤᠨ ᠬᠦᠨᠳᠦ | ᠪᠣᠬᠢᠷᠲᠤᠯ ᠢ ᠪᠠᠴᠢᠮ ᠠᠷᠭᠠᠴᠠᠭᠠᠬᠤ ᠪᠡᠯᠡᠳᠬᠡᠯ ᠲᠥᠰᠥᠯ ᠤᠨ ᠮᠡᠳᠡᠭᠡ ᠵᠠᠩᠭᠢ ᠶᠢ ᠨᠡᠶᠢᠲᠡᠯᠡᠨ᠎ᠡ᠃ | ︵2︶ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠢᠨ ᠤᠬᠠᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ | ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠲᠥᠰᠥᠯ᠂ ᠡᠷᠡᠭᠦᠯ ᠮᠡᠨᠳᠦ ᠶᠢᠨ ᠬᠠᠮᠠᠭᠠᠯᠠᠯᠲᠠ ᠶᠢᠨ | ᠠᠷᠭ᠎ᠠ ᠬᠡᠮᠵᠢᠶ᠎ᠡ ᠵᠡᠷᠭᠡ ᠶᠢ ᠶᠡᠬᠡᠪᠡᠷ ᠤᠬᠠᠭᠤᠯᠵᠤ᠂ ᠣᠯᠠᠨ ᠨᠡᠶᠢᠲᠡ ᠶᠢᠨ ᠰᠡᠷᠭᠡᠶᠢᠯᠡᠬᠦ ᠦᠵᠡᠯ ᠤᠬᠠᠮᠰᠠᠷ ᠪᠠ | ᠰᠡᠳᠬᠢᠴᠡ ᠶᠢᠨ ᠲᠠᠯ᠎ᠠ ᠪᠠᠷ ᠪᠡᠯᠡᠳᠬᠡᠯ ᠪᠠᠶᠢᠬᠤ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ︵3︶ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠠᠳᠠᠭᠰᠢ ᠤᠬᠠᠭᠤᠯᠭ᠎ᠠ | ᠮᠡᠳᠡᠭᠡᠯᠡᠯ ᠤᠨ ᠠᠵᠢᠯ ᠤᠨ ᠵᠢᠷᠣᠮᠵᠢᠭᠤᠯᠣᠯᠲᠠ᠂ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ | ᠬᠠᠷᠢᠭᠤᠴᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ᠂ ᠵᠥᠪ ᠣᠨᠣᠪᠴᠢᠲᠠᠶ ᠨᠡᠶᠢᠲᠡᠯᠡᠵᠦ᠂ | ᠶᠠᠷᠢᠶ᠎ᠠ ᠬᠡᠯᠡᠯᠴᠡᠭᠡ ᠶᠢ ᠵᠥᠪ ᠵᠢᠯᠣᠭᠤᠳᠤᠨ᠎ᠠ᠃ | ︵4︶ ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ | ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠬᠢᠨ ᠲᠣᠰ ᠪᠡᠶ᠎ᠡ ᠶᠢᠨ | ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠤᠨ᠂ ᠣᠲᠣ ᠶᠢᠨ ᠪᠠᠶᠢᠭ᠎ᠠ ᠪᠡᠯᠡᠳᠬᠡᠮᠵᠢ ᠪᠠᠨ | ᠠᠰᠢᠭᠯᠠᠨ ᠵᠣᠬᠢᠶᠠᠨ ᠪᠠᠶᠢᠭᠤᠯᠤᠯᠲᠠ ᠲᠠᠢ᠂ ᠲᠥᠯᠥᠪᠯᠡᠭᠡ ᠲᠠᠢ ᠪᠠᠷ ᠣᠯᠠᠨ ᠨᠡᠶᠢᠲᠡ ᠳᠤ ᠬᠦᠨᠳᠦ ᠪᠣᠬᠢᠷᠲᠤᠯ ᠲᠠᠢ | ᠴᠠᠭ ᠠᠭᠤᠷ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ᠂ ᠥᠪᠡᠷ ᠢ ᠪᠠᠨ ᠬᠠᠮᠠᠭᠠᠯᠠᠬᠤ | ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ | 7.2 ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ | ᠬᠠᠮᠢᠶ᠎ᠠ ᠪᠦᠬᠦᠢ ᠬᠠᠤᠯᠢ ᠲᠣᠭᠲᠠᠭᠠᠯ ᠢ ᠨᠡᠶᠢᠲᠡᠯᠡᠬᠦ᠂ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠶᠢ | ᠳᠠᠭᠠᠯᠳᠤᠨ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠬᠤ ᠪᠤᠶᠤ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠰᠢᠨ᠎ᠡ ᠪᠠᠶᠢᠳᠠᠯ ᠢᠯᠡᠷᠡᠭᠰᠡᠨ | ᠪᠠᠶᠢᠪᠠᠯ᠂ ᠪᠡᠯᠡᠳᠬᠡᠯ ᠲᠥᠰᠥᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ | 8 ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ | ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠤᠨ ᠬᠠᠨᠳᠣᠯᠭᠠᠲᠤ ᠴᠢᠨᠠᠷ ᠪᠠ ᠪᠦᠲᠦᠮᠵᠢᠲᠦ | ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠠᠭ ᠲᠤᠨᠢ | ᠲᠣᠬᠢᠷᠠᠭᠤᠯᠤᠨ ᠵᠣᠬᠢᠶᠠᠨ ᠪᠠᠶᠢᠭᠤᠯᠤᠨ ᠦᠷᠨᠢᠭᠦᠯᠦᠨ᠎ᠡ᠃ | 9 ᠬᠠᠷᠢᠭᠤᠴᠠᠯᠭ᠎ᠠ ᠨᠡᠬᠡᠮᠵᠢᠯᠡᠬᠦ | ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ | ᠬᠤᠪᠢᠶᠠᠷᠢ ᠲᠣᠪᠴᠢᠶ᠎ᠠ ᠠᠴᠠ ᠡᠯ᠎ᠡ ᠬᠠᠮᠢᠶ᠎ᠠ ᠪᠦᠬᠦᠢ ᠨᠢᠭᠡᠴᠡ ᠶᠢ ᠵᠢᠯᠣᠭᠤᠳᠤᠨ ᠵᠣᠬᠢᠴᠠᠭᠤᠯᠵᠤ ᠪᠠᠶᠢᠭᠠᠳ ᠬᠦᠨᠳᠦ | ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠬᠦ᠂ | ᠪᠡᠯᠡᠳᠬᠡᠯ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠰᠢᠮᠳᠠᠭᠤᠯᠤᠨ ᠵᠢᠯᠣᠭᠤᠳᠬᠤ᠂ ᠪᠡᠯᠡᠳᠬᠡᠯ | ᠲᠥᠰᠥᠯ ᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ | ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠤᠭᠤᠴᠠᠭᠠᠨ ᠳᠤ ᠪᠣᠬᠢᠷᠳᠣᠯ ᠪᠤᠳᠠᠰ ᠢ ᠳᠠᠯᠳᠠᠭᠤᠷ | ᠭᠠᠳᠠᠭᠰᠢᠯᠠᠭᠤᠯᠵᠤ ᠬᠤᠯᠠᠭᠠᠶᠢᠯᠠᠨ ᠲᠠᠯᠪᠢᠭᠰᠠᠨ᠂ ᠣᠯᠠᠨᠲᠠ ᠪᠠᠶᠢᠴᠠᠭᠠᠵᠤ ᠣᠯᠠᠨᠲᠠ ᠵᠥᠷᠢᠴᠡᠭᠰᠡᠨ ᠠᠵᠤ | ᠠᠬᠤᠶᠢᠯᠠᠯ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠵᠤ᠂ ᠬᠠᠤᠯᠢ ᠶᠣᠰᠣᠭᠠᠷ | ᠰᠢᠢᠳᠭᠡᠨ ᠲᠣᠷᠭᠠᠬᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠤᠯᠢ ᠶᠢᠨ ᠲᠥᠯᠥᠭᠡᠯᠡᠭᠴᠢ ᠠᠴᠠ ᠬᠠᠤᠯᠢ | ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ᠂ | ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ ᠶᠢ ᠬᠡᠷᠡᠭᠵᠢᠭᠦᠯᠦᠭᠰᠡᠨ ᠢᠶᠠᠷ ᠬᠦᠷᠦᠯᠴᠡᠬᠦ ᠦᠭᠡᠢ ︵ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ | ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠭᠠᠰᠬᠠᠬᠤ ᠠᠴᠠ ᠵᠠᠶᠢᠯᠠᠬᠤ ᠬᠠᠷᠢᠭᠤᠴᠠᠯᠭ᠎ᠠ ᠶᠢ ᠪᠠᠭᠲᠠᠭᠠᠨ᠎ᠠ︶ ᠪᠤᠶᠤ | ᠵᠣᠬᠢᠬᠤ ᠠᠵᠢᠯ ᠤᠨ ᠠᠮᠵᠢᠯᠲᠠ ᠪᠦᠲᠦᠮᠵᠢ ᠶᠢᠨ ᠲᠠᠰ ᠬᠤᠪᠢᠶᠠᠭᠰᠠᠨ ᠱᠠᠭᠠᠷᠳᠠᠯᠭ᠎ᠠ ᠳᠤ ᠥᠯᠥ ᠬᠦᠷᠦᠭᠰᠡᠨ ᠠᠵᠤ | ᠠᠬᠤᠶᠢᠯᠠᠯ ᠢ ᠬᠠᠮᠢᠶ᠎ᠠ ᠪᠦᠬᠦᠢ ᠲᠠᠰ ᠳᠠᠷᠠᠭᠠᠯᠠᠯ ᠢᠶᠠᠷ ᠲᠠᠰ ᠪᠠᠭᠤᠷᠠᠭᠤᠯᠤᠨ ᠰᠢᠢᠳᠪᠦᠷᠢᠯᠡᠨ᠎ᠡ᠃ | 10 ᠳᠠᠭᠠᠯᠳᠣᠭᠤᠯᠣᠯ | 10 .1ᠨᠡᠷ᠎ᠡ ᠲᠣᠮᠢᠶ᠎ᠠ | ︵1︶ ᠠᠭᠠᠷ ᠤᠨ ᠴᠢᠨᠠᠷ ᠤᠨ ᠢᠯᠡᠳᠬᠡᠭᠴᠢ ᠲᠤᠭ᠎ᠠ (AQI)᠃ ᠲᠣᠭᠲᠠᠭᠰᠠᠨ ᠬᠡᠮᠵᠢᠶ᠎ᠡ ᠶᠢᠨ ᠠᠭᠠᠷ ᠤᠨ | ᠴᠢᠨᠠᠷ ᠤᠨ ᠪᠠᠶᠢᠳᠠᠯ ᠢ ᠲᠣᠰᠬᠠᠭᠰᠠᠨ ᠢᠯᠡᠳᠬᠡᠭᠴᠢ ᠲᠤᠭ᠎ᠠ᠂ ᠡᠳᠦᠷ ᠪᠦᠷᠢ ᠶᠢᠨ ᠠᠭᠠᠷ ᠤᠨ ᠴᠢᠨᠠᠷ ᠢ ᠮᠡᠳᠡᠭᠦᠯᠬᠦ | ᠯᠠᠪᠯᠠᠬᠤ ᠲᠤᠭ᠎ᠠ ᠪᠣᠯᠣᠨ᠎ᠠ᠃ ᠠᠭᠠᠷ ᠤᠨ ᠠᠷᠢᠭᠤᠨ ᠴᠡᠪᠡᠷ ᠪᠤᠶᠤ ᠪᠣᠬᠢᠷᠲᠤᠯ ᠤᠨ ᠬᠡᠮᠵᠢᠶ᠎ᠡ ᠵᠢᠴᠢ ᠡᠷᠡᠭᠦᠯ | ᠮᠡᠨᠳᠦ ᠳᠤ ᠦᠵᠡᠭᠦᠯᠬᠦ ᠨᠥᠯᠥᠭᠡ ᠶᠢ ᠳᠦᠷᠰᠦᠯᠡᠪᠡ᠃ ᠠᠭᠠᠷ ᠤᠨ ᠴᠢᠨᠠᠷ ᠤᠨ ᠢᠯᠡᠳᠬᠡᠭᠴᠢ ᠲᠤᠭ᠎ᠠ ᠶᠢᠨ | ᠭᠤᠣᠯᠳᠠᠯᠭ᠎ᠠ ᠨᠢ ᠬᠡᠳᠦᠨ ᠴᠠᠭ ᠤᠨ ᠠᠮᠢᠰᠬᠤᠯ ᠢ ᠦᠨᠡᠯᠡᠬᠦ ᠪᠤᠶᠤ ᠬᠡᠳᠦᠨ ᠡᠳᠦᠷ ᠤᠨ ᠠᠭᠠᠷ ᠮᠠᠨᠳᠠᠯ ᠤᠨ | ᠪᠣᠬᠢᠷᠳᠣᠯ ᠨᠢ ᠡᠷᠡᠭᠦᠯ ᠮᠡᠡᠳᠦ ᠳᠤ ᠦᠵᠡᠭᠦᠯᠬᠦ ᠨᠥᠯᠥᠭᠡ ᠶᠢ ᠬᠡᠯᠡᠨ᠎ᠡ᠃ | ︵2︶ ᠬᠦᠨᠳᠦ ᠪᠣᠬᠢᠷᠲᠤᠯ ᠲᠠᠢ ᠴᠠᠭ ᠠᠭᠤᠷ᠃ ᠡᠨᠡ ᠨᠢ ᠠᠭᠠᠷ ᠮᠠᠨᠳᠠᠯ ᠤᠨ ᠠᠭᠠᠷ ᠤᠨ ᠴᠢᠨᠠᠷ ᠤᠨ | ᠢᠯᠡᠳᠬᠡᠭᠴᠢ ᠲᠤᠭ᠎ᠠ (AQI) ᠨᠢ 200 ᠠᠴᠠ ᠶᠡᠭᠡ ᠦᠶᠡᠰ ᠲᠡᠭᠦᠨ ᠢ ᠠᠭᠠᠷ ᠮᠠᠨᠳᠠᠯ ᠬᠦᠨᠳᠦ ᠪᠣᠬᠢᠷᠲᠤᠯ ᠲᠠᠢ | ᠭᠡᠬᠦ ᠶᠢ ᠵᠢᠭᠠᠵᠤ ᠪᠠᠶᠢᠨ᠎ᠠ᠃ | ︵3︶ ᠬᠦᠨᠳᠦ ᠪᠣᠬᠢᠷᠲᠤᠯ ᠲᠠᠢ ᠴᠠᠭ ᠠᠭᠤᠷ ᠢ ᠲᠠᠰ ᠬᠤᠪᠢᠶᠠᠬᠤ᠃ ᠠᠭᠠᠷ ᠤᠨ ᠴᠢᠨᠠᠷ ᠤᠨ ᠢᠯᠡᠳᠬᠡᠭᠴᠢ | ᠲᠤᠭ᠎ᠠ ︵AQI︶ ᠶᠢ ᠦᠨᠳᠦᠰᠦᠯᠡᠨ ᠬᠦᠨᠳᠦ ᠪᠤᠬᠢᠷᠳᠤᠯᠲᠤ ᠴᠠᠭ ᠠᠭᠤᠷ ᠢ ᠭᠤᠷᠪᠠᠨ ᠳᠡᠰ ᠬᠤᠪᠢᠶᠠᠨ᠎ᠠ᠄ ᠬᠦᠨᠳᠦ | ᠪᠣᠬᠢᠷᠲᠤᠯ ︵201≤ AQI≤300︶᠂ ᠬᠡᠲᠦ ᠬᠦᠨᠳᠦ ᠪᠣᠬᠢᠷᠲᠤᠯ ︵300 ︿AQI ︿500︶᠂ | ᠲᠤᠶᠢᠯ ᠤᠨ ᠪᠣᠬᠢᠷᠲᠤᠯ ︵500≤AQI︶᠃ | 10.2 ᠪᠡᠯᠡᠳᠬᠡᠯ ᠲᠥᠰᠥᠯ ᠤᠨ ᠲᠠᠶᠢᠯᠪᠤᠷᠢᠯᠠᠯᠲᠠ | ᠲᠣᠰ ᠲᠥᠰᠥᠯ ᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠡᠶᠢᠲᠡᠯᠡᠵᠦ | ᠂ ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ | ᠬᠤᠪᠢᠶᠠᠷᠢ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | 10.3 ᠬᠡᠷᠡᠭᠵᠢᠭᠦᠯᠬᠦ ᠴᠠᠭ | ᠲᠣᠰ ᠪᠡᠯᠡᠳᠬᠡᠯ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠡᠭᠦᠨ ᠤᠬᠠᠮᠲᠤ ︽ | ᠵᠠᠷᠤᠳ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠢ | ᠳᠠᠷᠤᠮᠠᠯᠯᠠᠨ ᠲᠠᠷᠬᠠᠭᠠᠬᠤ ᠲᠤᠬᠠᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠡᠳᠡᠭᠳᠡᠯ︾ ︵ᠵᠠᠷᠣᠳ ᠵᠠᠰᠠᠭ ᠠᠯᠪᠠᠨ ᠥᠰᠥᠭ ﹇2020﹈ 108 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠢ | ᠬᠦᠴᠦᠨ ᠦᠭᠡᠢ ᠪᠣᠯᠭᠠᠪᠠ᠃ |