ᠳᠡᠳ᠋ ᠬᠤᠰᠢᠭᠤᠨ ᠳᠠᠷᠤᠭ᠎ᠠ ᠸᠠᠩ ᠾᠧ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/1/10
                1 ᠰᠠᠷ᠎ᠠ ᠶᠢᠨ 9  ᠤ ᠦᠳᠡ ᠶᠢᠨ ᠡᠮᠦᠨ᠎ᠡ᠂ ᠳᠡᠳ᠋ ᠬᠤᠰᠢᠭᠤᠨ ᠳᠠᠷᠤᠭ᠎ᠠ ᠸᠠᠩ ᠾᠧ ᠮᠠᠨ ᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃
6c76fe01be96593924a22b096218b96.jpg
    ᠪᠠᠶᠢᠴᠠᠭᠠᠨ ᠰᠤᠳᠤᠯᠤᠯᠲᠠ ᠶᠢᠨ ᠡᠬᠢ ᠪᠠᠷ᠂ ᠳᠡᠳ᠋ ᠬᠤᠰᠢᠭᠤᠨ ᠳᠠᠷᠤᠭ᠎ᠠ ᠸᠠᠩ ᠾᠧ ᠺᠣᠮᠫᠠᠨᠢ ᠶᠢᠨ ᠰᠠᠭᠤᠳᠠᠯ ᠤᠨ ᠬᠤᠷᠠᠯ ᠳᠤ ᠣᠷᠣᠯᠴᠠᠵᠤ᠂ ᠺᠣᠮᠫᠠᠨᠢ ᠶᠢᠨ ᠡᠵᠡᠩᠨᠡᠯᠲᠡ ᠶᠢᠨ ᠣᠳᠣᠬᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠺᠣᠮᠫᠠᠨᠢ ᠶᠢᠨ ᠪᠣᠳᠠᠲᠠᠶ ᠪᠠᠶᠢᠳᠠᠯ ᠢ ᠭᠦᠨᠵᠡᠭᠡᠶ ᠣᠶᠢᠯᠠᠭᠠᠪᠠ᠃ ᠬᠤᠷᠠᠯ ᠳᠡᠭᠡᠷ᠎ᠡ᠂ ᠺᠣᠮᠫᠠᠨᠢ ᠶᠢᠨ ᠣᠲᠣ ᠶᠢᠨ ᠪᠠᠶᠢᠭ᠎ᠠ ᠡᠳ᠋ ᠬᠥᠷᠥᠩᠭᠡ ᠶᠢ ᠴᠢᠯᠥᠭᠡᠲᠡᠶ ᠪᠣᠯᠭᠠᠬᠤ ᠡᠨᠡ ᠬᠦ ᠵᠠᠩᠭᠢᠯᠠᠭ᠎ᠠ ᠶᠢᠨ ᠬᠦᠴᠢᠷ ᠠᠰᠠᠭᠤᠳᠠᠯ ᠳᠤ ᠴᠢᠭᠯᠡᠭᠦᠯᠦᠨ᠂ ᠳᠡᠳ᠋ ᠬᠤᠰᠢᠭᠤᠨ ᠳᠠᠷᠤᠭ᠎ᠠ ᠸᠠᠩ ᠾᠧ ᠠᠷᠭ᠎ᠠ ᠤᠬᠠᠭᠠᠨ ᠰᠦᠪᠡᠭᠴᠢᠯᠡᠵᠦ ᠰᠡᠳᠭᠢᠴᠡ ᠪᠠᠨ ᠶᠠᠷᠢᠵᠤ᠂ ︽ᠦ᠋ ᠲᠦᠩ ᠮᠤᠳᠤ ᠢ ᠳᠠᠷᠢᠵᠤ ᠠᠯᠲᠠᠨ ᠭᠠᠷᠤᠳᠢ ᠶᠢ ᠲᠠᠲᠠᠬᠤ︾ ᠭᠡᠬᠦ ᠠᠮᠢᠳᠤᠯᠢᠭ ᠵᠦᠢᠷᠯᠡᠯ ᠢᠶᠠᠷ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠨᠢ ᠡᠳ᠋ ᠬᠥᠷᠥᠩᠭᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠯᠠ ᠲᠠᠯᠪᠢᠵᠤ ᠪᠠᠶᠢᠭ᠎ᠠ ᠡᠬᠢ ᠪᠠᠶᠠᠯᠢᠭ ᠢᠶᠠᠨ ᠠᠰᠢᠭᠯᠠᠵᠤ᠂ ᠲᠣᠰ ᠪᠡᠶ᠎ᠡ ᠶᠢᠨ ᠥᠪᠡᠷᠮᠢᠴᠡ ᠳᠠᠪᠠᠭᠤᠯᠢᠭ ᠢᠶᠠᠨ ᠠᠰᠢᠭᠯᠠᠨ ᠪᠠᠷ ᠳᠠᠮᠵᠢᠨ ᠭᠠᠳᠠᠭᠠᠳᠤ ᠶᠢᠨ ᠰᠢᠯᠢᠳᠡᠭ ᠡᠬᠢ ᠪᠠᠶᠠᠯᠢᠭ ᠢ ᠲᠠᠲᠠᠵᠤ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃
a51fc8f502ad0351e6197e1186cf5f6.jpg
    ᠡᠭᠦᠨ ᠤ ᠬᠠᠮᠲᠤ᠂ ᠳᠡᠳ᠋ ᠬᠤᠰᠢᠭᠤᠨ ᠳᠠᠷᠤᠭ᠎ᠠ ᠸᠠᠩ ᠾᠧ ᠺᠣᠮᠫᠠᠨᠢ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠦᠪᠡᠷ ᠤᠨ ᠪᠡᠶ᠎ᠡ ᠨᠢ ᠪᠠᠭᠤᠷᠠᠢ᠂ ᠰᠠᠭᠤᠷᠢ ᠨᠢᠮᠭᠡᠨ ᠪᠠᠶᠢᠬᠤ ᠣᠳᠣᠬᠢ ᠪᠠᠶᠢᠳᠠᠯ ᠢ ᠣᠨᠣᠴᠠᠲᠠᠶ ᠪᠠᠷ ᠠᠵᠢᠭᠯᠠᠵᠤ᠂ ᠪᠣᠳᠠᠲᠠᠶ ᠠᠴᠠ ᠡᠭᠦᠰᠦᠨ ᠺᠣᠮᠫᠠᠨᠢ ᠳᠤ ᠠᠯᠬᠤᠮ ᠳᠠᠷᠠᠭ᠎ᠠ ᠲᠠᠢ ᠪᠠᠷ ᠣᠷᠣᠭᠰᠢᠯᠠᠬᠤ ᠬᠦᠭᠵᠢᠯᠲᠡ ᠶᠢᠨ ᠠᠷᠭ᠎ᠠ ᠵᠠᠮ ᠢ  ᠲᠦᠯᠦᠪᠵᠢᠭᠦᠯᠦᠨ ᠥᠭᠪᠡ᠃ ᠲᠡᠷᠡ ᠪᠠᠰᠠ᠂ ᠡᠬᠢᠨ ᠤ ᠬᠤᠭᠤᠴᠠᠭᠠᠨ ᠳᠤ ᠬᠥᠩᠭᠡᠨ ᠡᠳ᠋ ᠬᠥᠷᠥᠩᠭᠡ ᠶᠢᠨ ᠡᠵᠡᠩᠨᠡᠯᠲᠡ ᠶᠢᠨ ᠵᠠᠭᠪᠤᠷ ᠢ ᠠᠰᠢᠭᠯᠠᠨ ᠠᠮᠢᠳᠤᠯᠢᠭ ᠢᠶᠠᠷ ᠵᠠᠬ᠎ᠠ ᠳᠡᠯᠭᠡᠭᠦᠷ ᠲᠤ ᠣᠷᠣᠵᠤ᠂ ᠦᠢᠯᠡᠳᠦᠯᠭᠡ ᠶᠢᠨ ᠳᠤᠮᠳᠠ ᠲᠤᠷᠰᠢᠯᠭ᠎ᠠ ᠬᠤᠷᠠᠮᠳᠤᠭᠤᠯᠤᠨ᠂ ᠬᠥᠭᠵᠢᠯᠲᠡ ᠶᠢᠨ ᠬᠦᠴᠦᠨ ᠢᠶᠠᠨ ᠪᠠᠲᠣᠳᠬᠠᠵᠤ᠂ ᠠᠯᠬᠤᠮ ᠠᠯᠬᠤᠮ ᠢᠶᠠᠷ ᠪᠣᠳᠠᠲᠤ ᠴᠣᠭᠴᠠ ᠶᠢᠨ ᠠᠵᠤ ᠦᠢᠯᠡᠰ ᠲᠡᠰᠢ ᠣᠷᠣᠭᠰᠢᠯᠠᠬᠤ ᠬᠡᠷᠡᠭᠲᠡᠢ ᠭᠡᠵᠦ ᠵᠢᠭᠠᠪᠣᠷᠢᠯᠠᠪᠠ᠃    ᠳᠠᠷᠠᠭ᠎ᠠ ᠨᠢ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠢᠨ ᠶᠠᠭ ᠬᠡᠷᠡᠭᠵᠢᠭᠦᠯᠵᠦ ᠪᠠᠶᠢᠭ᠎ᠠ ᠲᠥᠷᠥᠯ ᠵᠦᠢᠯ ᠤᠨ ᠬᠦᠴᠢᠷᠳᠡᠯ ᠪᠠ ᠠᠰᠠᠭᠤᠳᠠᠯ ᠤᠨ ᠲᠤᠬᠠᠶ ᠳᠡᠳ᠋ ᠬᠤᠰᠢᠭᠤᠨ ᠳᠠᠷᠤᠭ᠎ᠠ ᠸᠠᠩ ᠾᠧ ᠳᠤ ᠨᠠᠷᠢᠨ ᠬᠠᠷᠢᠭᠤ ᠮᠡᠳᠡᠭᠦᠯᠦᠯᠲᠡ ᠬᠢᠪᠡ᠂ ᠲᠡᠷᠡ ᠰᠤᠨᠣᠰᠣᠭᠰᠠᠨ ᠤ ᠳᠠᠷᠠᠭ᠎ᠠ᠂ ᠳᠠᠷᠤᠢ ᠳᠤᠨᠢ ᠭᠦᠨ ᠵᠤᠵᠠᠭᠠᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠡᠯᠪᠡᠭ ᠪᠠᠶᠠᠯᠢᠭ ᠦᠢᠯᠡᠳᠦᠯᠭᠡ ᠶᠢᠨ ᠣᠶᠤᠨ ᠤᠬᠠᠭᠠᠨ ᠢᠶᠠᠷ ᠢᠶᠠᠨ ᠠᠰᠠᠭᠤᠳᠠᠯ ᠢ ᠦᠳᠲᠡᠷ ᠲᠦᠷᠭᠡᠨ ᠵᠠᠳᠠᠯᠵᠤ᠂ ᠠᠷᠬᠠᠭ ᠨᠢᠭᠡᠪᠦᠷᠢ ᠶᠢ《ᠰᠤᠳᠠᠯ ᠪᠠᠷᠢᠵᠤ》᠂ ᠰᠢᠢᠳᠪᠦᠷᠢᠯᠡᠬᠦ ᠴᠢᠭᠯᠡᠯ ᠢ ᠡᠮᠬᠢᠯᠡᠨ ᠭᠠᠷᠭᠠᠵᠤ᠂ ᠲᠥᠷᠥᠯ ᠵᠦᠢᠯ ᠤᠨ ᠠᠬᠢᠭᠤᠯᠣᠯᠲᠠ ᠶᠢᠨ ᠬᠠᠷᠰᠢ ᠰᠠᠭᠠᠳ ᠢ ᠰᠢᠯᠤᠭᠤᠳᠬᠠᠨ ᠥᠭᠬᠦ ᠶᠢᠨ ᠬᠠᠮᠲᠤ ᠬᠤᠲᠠ ᠶᠢᠨ ᠪᠠᠯᠠ ᠣᠷᠣᠭᠤᠯᠤᠯᠲᠠ ᠶᠢᠨ ᠬᠥᠭᠵᠢᠯᠲᠡ ᠳᠤ ᠴᠢᠭᠯᠡᠭᠦᠯᠦᠨ᠂ ᠣᠶᠢᠷ᠎ᠠ ᠶᠢᠨ ᠬᠤᠭᠤᠴᠠᠭᠠᠨ ᠳᠤ ᠬᠠᠷᠠᠴᠠ ᠪᠠᠨ《ᠲᠦᠷᠭᠡᠨ ᠠᠰᠢᠭ ᠣᠯᠬᠤ》ᠲᠥᠷᠥᠯ ᠵᠦᠢᠯ ᠳᠤ ᠬᠠᠨᠳᠤᠭᠤᠯᠵᠤ᠂ ᠲᠣᠰ ᠪᠡᠶ᠎ᠡ ᠶᠢᠨ ᠳᠠᠪᠠᠭᠤᠯᠢᠭ ᠲᠠᠭᠠᠨ ᠨᠡᠶᠢᠴᠡᠬᠦ ᠭᠠᠷᠳᠠᠬᠤ ᠴᠡᠭ ᠢ ᠣᠯᠵᠤ᠂ ᠲᠦᠷᠭᠡᠨ ᠭᠠᠷᠳᠠᠵᠤ᠂ ᠦᠳᠲᠡᠷ ᠲᠦᠷᠭᠡᠨ ᠪᠠᠶᠢᠷᠢᠯᠠᠭᠤᠯᠤᠨ᠂ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠤ᠂ ᠺᠣᠮᠫᠠᠨᠢ ᠶᠢᠨ ᠦᠰᠦᠨ ᠪᠤᠶᠢᠵᠢᠯᠲᠠ ᠶᠢᠨ ᠡᠬᠢᠨ ᠤ ᠦᠶ᠎ᠡ ᠶᠢᠨ ᠵᠠᠩᠭᠢᠯᠠᠭ᠎ᠠ ᠶᠢᠨ ᠬᠡᠳᠦᠨ ᠵᠢᠯ ᠢ ᠲᠣᠭᠲᠠᠭᠤᠨ ᠢᠶᠠᠷ ᠲᠣᠰᠠᠯᠠᠵᠤ᠂ ᠲᠥᠷᠥᠯ ᠵᠦᠢᠯ ᠢ ᠬᠡᠪ ᠤᠨ ᠵᠠᠮ ᠳᠤ ᠣᠷᠣᠭᠤᠯᠵᠤ᠂ ᠺᠣᠮᠫᠠᠨᠢ ᠢᠳᠡᠷᠡᠭᠦᠨ ᠢᠶᠠᠷ ᠦᠰᠦᠨ ᠪᠣᠶᠢᠵᠢᠭᠰᠠᠨ ᠤ ᠳᠠᠷᠠᠭ᠎ᠠ᠂ ᠢᠷᠡᠭᠡᠳᠦᠶ ᠶᠢᠨ ᠬᠥᠭᠵᠢᠯᠲᠡ ᠶᠢᠨ ᠵᠠᠮ ᠯᠠᠪᠲᠠᠶ᠎ᠠ ᠶᠠᠪᠤᠬᠤ ᠲᠣᠳᠤᠮ ᠥᠷᠭᠡᠨ ᠪᠣᠯᠤᠨ᠎ᠠ ᠭᠡᠵᠦ ᠳᠤᠷᠠᠳᠪᠠ᠃
7922e4ae9799db9a2bdd0d0385f9482.jpg
    ᠬᠤᠷᠠᠯ ᠤᠨ ᠳᠠᠷᠠᠭ᠎ᠠ᠂ ᠳᠡᠳ᠋ ᠬᠤᠰᠢᠭᠤᠨ ᠳᠠᠷᠤᠭ᠎ᠠ ᠸᠠᠩ ᠾᠧ ᠬᠠᠮᠲᠤ ᠶᠠᠪᠣᠭᠰᠠᠳ ᠲᠠᠢ ᠪᠠᠨ ᠲᠥᠷᠥᠯ ᠵᠦᠢᠯ ᠤᠨ ᠠᠬᠤᠢ ᠲᠠᠯᠠᠪᠠᠶ ᠳᠤ ᠬᠦᠷᠴᠦ᠂ ᠲᠥᠷᠥᠯ ᠵᠦᠢᠯ ᠤᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠠᠬᠢᠴᠠ᠂ ᠲᠥᠷᠥᠯ ᠵᠦᠢᠯ ᠤᠨ ᠡᠵᠡᠩᠨᠡᠯᠲᠡ᠂ ᠠᠶᠣᠯᠭᠦᠢ ᠦᠢᠯᠡᠳᠪᠦᠷᠢᠯᠡᠯ ᠵᠡᠷᠭᠡ ᠲᠠᠯ᠎ᠠ ᠪᠠᠷ ᠲᠣᠳᠣᠷᠬᠠᠶ ᠪᠥᠭᠡᠳ ᠬᠠᠨᠳᠤᠯᠭᠠᠲᠤ ᠴᠢᠨᠠᠷᠲᠠᠶ ᠵᠢᠯᠣᠭᠤᠳᠬᠤ ᠰᠠᠨᠠᠯ ᠳᠤᠷᠠᠳᠪᠠ᠃    ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠮᠠᠨ ᠤ ᠺᠣᠮᠫᠠᠨᠢ ᠳᠤ ᠮᠠᠰᠢ ᠣᠯᠠᠨ ᠰᠡᠩᠬᠡᠷᠡᠭᠦᠯᠦᠯ ᠪᠠ ᠳᠡᠮᠵᠢᠯᠭᠡ ᠣᠯᠭᠤᠪᠠ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠢᠨ ᠯᠠᠪᠲᠠᠶ ᠡᠭᠦᠨ ᠢᠶᠠᠷ ᠠᠵᠠ ᠲᠣᠬᠢᠶᠠᠯ ᠪᠣᠯᠭᠠᠨ ᠯᠠᠪᠳᠠᠭᠤᠨ ᠪᠠᠲᠤᠲᠠᠶ ᠤᠷᠤᠭᠰᠢᠯᠠᠵᠤ᠂ ᠺᠣᠮᠫᠠᠨᠢ ᠶᠢᠨ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠵᠦ᠂ ᠵᠠᠷᠣᠳ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号