ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ︽ᠬᠦᠳᠡᠯᠦᠩᠭᠦᠢ︾ ᠲᠦᠷᠢᠮ ᠢᠶᠠᠷ ᠬᠠᠯᠠᠭᠤᠨ ᠲᠤᠯᠠᠭᠠᠨ ︽ᠡᠪᠦᠯᠵᠢᠬᠦ︾ ᠶᠢ ᠪᠥᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2025/1/13
    ᠪᠥᠬᠦ ᠬᠤᠰᠢᠭᠤᠨ ᠤ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠬᠥᠳᠡᠯᠦᠯᠴᠡᠵᠦ᠂ ᠰᠤᠮᠤ ᠪᠠᠯᠭᠠᠰᠤ ᠲᠠᠯᠠᠪᠠᠶ ᠪᠠᠷ ᠬᠡᠰᠡᠭ ᠬᠤᠪᠢᠶᠠᠵᠦ᠂ ᠤᠰᠤ ᠬᠠᠩᠭᠠᠬᠤ ᠪᠠᠶᠢᠳᠠᠯ ᠢ ᠤᠶᠢᠯᠠᠭᠠᠨ ᠵᠢᠭᠰᠠᠭᠠᠬᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠵᠤ᠂ ᠤᠰᠤ ᠬᠠᠩᠭᠠᠬᠤ ᠢᠨᠵᠧᠨᠧᠷᠢᠩ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠠᠬᠤᠢ ᠭᠠᠵᠠᠷ ᠲᠤᠨᠢ ᠬᠠᠶᠢᠨ ᠪᠠᠶᠢᠴᠠᠭᠠᠵᠤ᠂ ᠤᠰᠤ ᠬᠠᠩᠭᠠᠬᠤ ᠤᠰᠤ ᠵᠠᠯᠠᠬᠤ ᠪᠡᠯᠡᠳᠬᠡᠮᠵᠢ ᠶᠢ ᠪᠠᠶᠢᠴᠠᠭᠠᠪᠠ    ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠡᠷᠡᠭᠵᠢᠭᠦᠯᠵᠦ ᠪᠠᠶᠢᠭ᠎ᠠ 208 ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ︽ᠭᠤᠷᠪᠠᠨ ᠬᠠᠷᠢᠭᠤᠴᠠᠯᠭ᠎ᠠ︾᠂ ︽ᠭᠤᠷᠪᠠᠨ ᠵᠦᠢᠯ ᠤᠨ ᠳᠦᠷᠢᠮ︾ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠦ᠂ ᠤᠰᠤ ᠬᠠᠩᠭᠠᠬᠤ ᠢᠨᠵᠧᠨᠧᠷᠢᠩ ᠢ ᠬᠡᠷᠡᠭᠯᠡᠵᠦ ᠪᠠᠶᠢᠭ᠎ᠠ ᠪᠠᠶᠢᠳᠠᠯ ᠵᠢᠴᠢ ᠠᠵᠢᠯᠯᠠᠭᠠᠨ ᠤ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠠᠮᠤᠷ ᠲᠦᠪᠰᠢᠨ ᠤ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠪᠠᠲᠤᠯᠠᠪᠠ᠃   
c965c5ba56cea9136ef1cc19273a6d07.jpg
    ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠤᠯ ᠲᠤᠭᠳᠠᠭᠠᠪᠠ    ᠤᠰᠤ ᠬᠠᠩᠭᠠᠬᠤ ᠶᠢ ᠪᠠᠲᠤᠯᠠᠬᠤ ᠲᠥᠰᠦᠯ ᠢ ᠲᠣᠭᠲᠠᠭᠠᠬᠤ ᠶᠢᠨ ᠬᠠᠮᠲᠤ᠂ ᠡᠯ᠎ᠡ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠶᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ᠂ ᠤᠰᠤ ᠬᠠᠩᠭᠠᠬᠤ ᠪᠡᠯᠡᠳᠬᠡᠮᠵᠢ ᠶᠢᠨ ᠠᠵᠢᠯᠯᠠᠭᠠᠨ᠂ ᠤᠰᠤᠨ ᠤ ᠴᠢᠨᠠᠷ ᠢ ᠬᠢᠨᠠᠨ ᠬᠡᠮᠵᠢᠬᠦ᠂ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠶ ᠳᠤᠨᠢ ᠵᠠᠳᠠᠯᠵᠤ᠂ ᠬᠥᠳᠡᠯᠦᠩᠭᠦᠶ ᠮᠡᠳᠡᠭᠡ ᠵᠠᠩᠭᠢ ᠶᠢ ᠡᠵᠡᠮᠰᠢᠬᠦ ᠬᠡᠷᠡᠭᠲᠡᠶ ᠭᠡᠵᠦ ᠱᠠᠭᠠᠷᠳᠠᠪᠠ᠃ ᠬᠠᠷᠢᠶ᠎ᠠ ᠭᠠᠵᠠᠷ᠂ ᠤᠰᠤ ᠬᠠᠩᠭᠠᠬᠤ ᠠᠵᠢᠯᠯᠠᠭᠠᠨ ᠤ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠪᠠᠲᠤᠯᠠᠭ᠎ᠠ ᠶᠢᠨ ᠠᠵᠢᠯ ᠢ ᠰᠠᠶᠢᠲᠤᠷ ᠬᠢᠯᠭᠡᠵᠦ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠬᠦᠴᠦᠨ ᠢ ᠲᠡᠭᠦᠯᠳᠡᠷᠵᠢᠭᠦᠯᠦᠨ᠂ ᠤᠰᠤ ᠬᠠᠩᠭᠠᠬᠤ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠠᠷᠭᠠᠴᠠᠭᠠᠵᠦ᠂ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠤ ᠲᠣᠭᠲᠠᠭᠤᠨ ᠪᠠᠶᠢᠬᠤ ᠶᠢ ᠪᠠᠲᠤᠯᠠᠨ᠂ ᠤᠰᠤᠨ ᠤ ᠴᠢᠨᠠᠷ ᠢ ᠤᠤᠭᠤᠬᠤ ᠤᠰᠤᠨ ᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠳᠤᠯᠠᠪᠠ᠃      
79c06df8cc0ecd81de7c3089a1089536.jpg
    ᠬᠠᠷᠢᠶ᠎ᠠ ᠭᠠᠵᠠᠷ ᠲᠠᠢ ᠬᠤᠯᠪᠤᠭᠠᠯᠠᠵᠦ ᠳᠤᠯᠠᠭᠠᠨ ᠪᠦᠯᠢᠶᠡᠨ ᠡᠪᠦᠯᠵᠢᠬᠦ ᠶᠢ ᠪᠠᠳᠤᠯᠠᠪᠠ    ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠰᠤᠮᠤ ᠪᠠᠯᠭᠠᠰᠤ ᠲᠠᠯᠠᠪᠠᠶ ᠶᠢᠨ ᠵᠠᠰᠠᠭ ᠤᠨ ᠣᠷᠳᠣᠨ ᠵᠢᠴᠢ ᠭᠠᠴᠠᠭ᠎ᠠ ᠲᠣᠰᠬᠤᠨ ᠲᠠᠢ ᠬᠠᠮᠲᠤᠷᠠᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠠᠵᠢᠯᠯᠠᠭᠤᠯᠵᠤ ᠬᠠᠮᠠᠭᠠᠯᠠᠬᠤ ᠪᠠᠶᠢᠳᠠᠯ ᠢ ᠵᠥᠪᠳᠡᠯᠴᠡᠵᠦ᠂ ᠳᠤᠯᠠᠭᠠᠨ ᠪᠦᠯᠢᠶᠡᠨ ᠢᠶᠠᠷ ᠡᠪᠤᠯᠵᠢᠬᠦ ᠠᠵᠢᠯ ᠤᠨ ᠡᠬᠡ ᠲᠠᠩᠰᠠ ᠪᠠᠶᠢᠭᠤᠯᠤᠨ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠪᠠ︔ ᠰᠤᠮᠤ ᠪᠠᠯᠭᠠᠰᠤ ᠲᠠᠯᠠᠪᠠᠢ ᠬᠢᠨ ᠣᠯᠠᠨ ᠲᠦᠮᠡᠨ ᠲᠠᠢ ᠨᠡᠪᠲᠡᠷᠡᠯᠴᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠵᠦᠷᠢᠴᠡᠯ ᠮᠦᠷᠭᠦᠯᠳᠤᠭᠡᠨ ᠢ ᠴᠠᠭ ᠲᠤᠬᠠᠢ ᠲᠤᠨᠢ ᠰᠢᠢᠳᠪᠦᠷᠢᠯᠡᠪᠡ︔ ᠪᠠᠷᠢᠯᠭ᠎ᠠ ᠪᠠᠷᠢᠬᠤ᠂ ᠠᠵᠢᠯᠯᠠᠭᠤᠯᠵᠤ ᠬᠠᠮᠠᠭᠠᠯᠠᠬᠤ ᠨᠢᠭᠡᠴᠡ ᠪᠣᠳᠠᠲᠠᠶ ᠬᠡᠷᠡᠭᠵᠢᠭᠦᠯᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭᠠᠳᠬᠠᠨ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号