| 1 ᠰᠠᠷ᠎ᠠ ᠶᠢᠨ 15 ᠤ ᠡᠳᠦᠷ᠂ ᠵᠠᠷᠣᠳ ᠬᠤᠰᠢᠭᠤ 2025 ᠣᠨ ᠤ ᠴᠡᠷᠢᠭ ᠡᠯᠰᠡᠬᠦ ᠠᠵᠢᠯ ᠤᠨ ᠬᠤᠷᠠᠯ | ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ᠂ ᠬᠤᠰᠢᠭᠤᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ | ᠳᠠᠷᠤᠭ᠎ᠠ ᠡᠤ ᠫᠧᠩ ᠹᠸᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠴᠡᠷᠢᠭ ᠡᠯᠰᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃ ᠬᠤᠰᠢᠭᠤᠨ ᠤ ᠴᠡᠷᠢᠭ ᠡᠯᠰᠡᠬᠦ | ᠠᠵᠢᠯ ᠤᠨ ᠤᠳᠤᠷᠢᠳᠬᠤ ᠳᠤᠭᠤᠶᠢᠯᠠᠩ᠂ ᠬᠤᠰᠢᠭᠤᠨ ᠤ ᠴᠡᠷᠢᠭ ᠡᠯᠰᠡᠬᠦ ᠠᠯᠪᠠᠨ ᠭᠡᠷ ᠤᠨ ᠭᠡᠰᠢᠭᠦᠨ ᠵᠢᠴᠢ ᠪᠦᠬᠦ | ᠠᠷᠠᠳ ᠤᠨ ᠵᠡᠪᠰᠡᠭᠲᠦ ᠬᠦᠴᠦᠨ ᠤ ᠲᠣᠰᠬᠠᠢ ᠺᠠᠳ᠋ᠷᠴᠣᠳ ᠬᠤᠷᠠᠯ ᠳᠤ ᠣᠷᠣᠯᠴᠠᠪᠠ᠃ | ᠬᠤᠷᠠᠯ ᠠᠴᠠ ᠡᠮᠦᠨ᠎ᠡ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ 2025 | ᠣᠨ ᠤ ᠴᠡᠷᠢᠭ ᠡᠯᠰᠡᠬᠦ ᠠᠵᠢᠯ ᠤᠨ ᠸᠢᠳᠢᠤ᠋ ᠬᠤᠷᠠᠯ ᠢ ᠭᠥᠯᠢᠶᠡᠨ ᠠᠪᠴᠤ ᠰᠣᠨᠣᠰᠪᠠ᠃ | ᠬᠤᠷᠠᠯ ᠳᠡᠭᠡᠷ᠎ᠡ᠂ ᠪᠥᠬᠦ ᠬᠤᠰᠢᠭᠤᠨ ᠤ 2024 ᠣᠨ ᠤ ᠴᠡᠷᠢᠭ ᠡᠯᠰᠡᠬᠦ ᠠᠵᠢᠯ ᠤᠨ ᠪᠠᠶᠢᠳᠠᠯ ᠢ ᠳ᠋ᠦᠩᠨᠡᠵᠦ᠂ | ᠲᠠᠷᠠᠭᠠᠴᠢ ᠶᠢᠨ ᠱᠠᠲᠤᠨ ᠤ ᠴᠡᠷᠢᠭ ᠡᠯᠰᠡᠬᠦ ᠠᠵᠢᠯ ᠤᠨ ᠡᠭᠦᠷᠭᠡ ᠶᠢ ᠪᠠᠶᠢᠷᠢᠯᠠᠭᠤᠯᠪᠠ︔ 2024 ᠣᠨ ᠤ ᠴᠡᠷᠢᠭ | ᠡᠯᠰᠡᠬᠦ ᠠᠵᠢᠯ ᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ | ᠬᠤᠷᠠᠯ ᠠᠴᠠ᠂ ᠴᠡᠷᠢᠭ ᠡᠯᠰᠡᠬᠦ ᠠᠵᠢᠯ ᠨᠢ ᠤᠯᠤᠰ ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠴᠡᠷᠢᠭ | ᠠᠩᠭᠢ ᠶᠢ ᠪᠦᠳᠦᠭᠡᠨ ᠪᠠᠶᠢᠭᠤᠯᠬᠤ ᠡᠬᠢ ᠢᠨᠵᠧᠨᠧᠷᠢᠩ ᠪᠣᠯᠤᠭᠰᠠᠨ ᠤ ᠬᠤᠪᠢ ᠳᠤ᠂ ᠤᠯᠤᠰ ᠤᠨ ᠠᠮᠤᠷ ᠲᠦᠪᠰᠢᠨ | ᠲᠣᠭᠲᠠᠭᠤᠨ ᠪᠠ ᠬᠥᠭᠵᠢᠯᠲᠡ ᠶᠢᠨ ᠠᠰᠢᠭ ᠲᠤᠰᠠ ᠲᠠᠢ ᠬᠤᠯᠪᠣᠭᠳᠠᠵᠤ᠂ ᠮᠠᠨ ᠤ ᠵᠠᠶᠢᠯᠠᠭᠤᠯᠵᠤ ᠪᠣᠯᠤᠰᠢ ᠦᠭᠡᠢ | ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠭᠡ | ᠲᠠᠯ᠎ᠠ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠨᠢᠭᠲᠠ ᠬᠠᠮᠵᠢᠯᠴᠠᠨ᠂ ᠡᠨᠡ | ᠵᠢᠯ ᠤᠨ ᠴᠡᠷᠢᠭ ᠡᠯᠰᠡᠬᠦ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ ᠤᠶᠤᠨᠲᠠᠳ ᠤᠨ ᠡᠨᠡ ᠬᠦ ᠭᠤᠤᠯᠳᠠᠯᠭ᠎ᠠ ᠲᠠᠢ ᠬᠠᠮᠲᠤᠯᠢᠭ ᠢ ᠠᠩᠬᠠᠷᠴᠤ᠂ ︽ᠲᠠᠪᠤᠨ ᠨᠣᠷᠮ᠎ᠠ︾ ᠶᠢᠨ | ᠲᠣᠬᠢᠷᠠᠭᠤᠯᠤᠯ ᠡᠵᠡᠮᠳᠡᠯ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠪᠥᠬᠦ ᠶᠠᠪᠤᠴᠠ ᠶᠢ ᠣᠨᠣᠴᠠᠲᠠᠶ ᠪᠠᠷ ᠬᠢᠨᠠᠨ | ᠵᠢᠯᠣᠭᠤᠳᠴᠤ᠂ ᠤᠶᠤᠨᠲᠠᠳ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠢ ᠣᠨᠣᠴᠠᠲᠠᠶ ᠪᠠᠷ | ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠵᠣᠬᠢᠬᠤ | ᠨᠠᠰᠤᠨ ᠤ ᠵᠠᠯᠠᠭᠤᠴᠤᠳ ᠢ ᠬᠠᠪᠰᠤᠷᠤᠨ ᠬᠠᠷᠢᠭᠤᠴᠠᠯᠭ᠎ᠠ ᠶᠢᠨ ᠲᠠᠩᠰᠠ᠂ ᠤᠯᠤᠰ ᠲᠥᠷᠥ ᠶᠢᠨ ᠲᠠᠩᠰᠠ᠂ ᠠᠵᠤ | ᠠᠬᠤᠶ ᠶᠢᠨ ᠲᠠᠩᠰᠠ᠂ ᠳᠠᠪᠰᠢᠯᠲᠠ ᠶᠢᠨ ᠲᠠᠩᠰᠠ ᠶᠢ ᠰᠠᠶᠢᠲᠤᠷ ᠬᠢᠵᠦ᠂ ᠤᠶᠤᠲᠠᠳ ᠤᠨ ᠨᠡᠷ᠎ᠡ ᠮᠡᠳᠡᠭᠦᠯᠬᠦ ᠨᠣᠷᠮ᠎ᠠ | ᠪᠠ ᠡᠯᠰᠡᠬᠦ ᠬᠠᠷᠢᠴᠠᠯ ᠢ ᠦᠨᠡᠨ ᠬᠦ ᠳᠡᠭᠡᠭᠰᠢᠯᠡᠭᠦᠯᠵᠦ᠂ ᠴᠡᠷᠢᠭ ᠤᠨ ᠢᠷᠡᠯᠲᠡ ᠶᠢᠨ ᠶᠠᠰᠤ ᠴᠢᠨᠠᠷ ᠢ ᠴᠢᠷᠮᠠᠶᠢᠨ | ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠪᠣᠷᠢᠯᠠᠪᠠ᠃ | ᠬᠤᠷᠠᠯ ᠠᠴᠠ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠴᠡᠷᠢᠭ ᠡᠯᠰᠡᠬᠦ ᠠᠵᠢᠯ ᠢ ᠦᠨᠡᠨ ᠬᠦ ᠴᠢᠬᠤᠯᠠ ᠪᠠᠶᠢᠷᠢᠨ ᠳᠤ ᠲᠠᠯᠪᠢᠵᠤ᠂ ᠴᠡᠷᠢᠭ ᠡᠯᠰᠡᠬᠦ | ᠠᠵᠢᠯ ᠳᠤ ᠣᠷᠣᠯᠴᠠᠬᠤ ᠡᠭᠦᠷᠭᠡᠲᠦ ᠪᠤᠳᠣᠯ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ | ᠴᠡᠷᠢᠭ ᠡᠯᠰᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠪᠠᠶᠢᠭᠤᠯᠤᠮᠵᠢ ᠶᠢᠨ ᠪᠠᠶᠢᠭᠤᠯᠤᠯᠲᠠ᠂ | ᠡᠩ ᠤᠨ ᠦᠶ᠎ᠡ ᠶᠢᠨ ᠪᠡᠯᠡᠳᠬᠡᠯ ᠵᠡᠷᠭᠡ ᠡᠯ᠎ᠡ ᠭᠤᠭᠴᠤᠭ᠎ᠠ ᠶᠢ ᠪᠥᠬᠦ ᠲᠠᠯ᠎ᠠ ᠪᠠᠷ ᠳᠠᠬᠢᠨ ᠵᠢᠷᠤᠮᠵᠢᠭᠤᠯᠵᠤ᠂ | ᠪᠠᠶᠢᠳᠠᠯ ᠤᠨ ᠵᠠᠳᠠᠯᠤᠯᠲᠠ᠂ ᠵᠢᠭᠠᠪᠤᠷᠢ ᠠᠪᠴᠤ ᠮᠡᠳᠡᠭᠦᠯᠬᠦ᠂ ᠵᠠᠬᠢᠷᠭ᠎ᠠ ᠨᠡᠶᠢᠯᠡᠭᠦᠯᠦᠨ ᠠᠵᠢᠯᠯᠠᠬᠤ᠂ ᠱᠠᠭᠠᠷᠳᠠᠨ | ᠪᠠᠶᠢᠴᠠᠭᠠᠬᠤ ᠵᠡᠷᠭᠡ ᠲᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠢᠶᠠᠷ | ᠭᠤᠤᠯᠯᠠᠭᠤᠯᠬᠤ᠂ ᠴᠡᠷᠢᠭ ᠤᠨ ᠠᠯᠪᠠᠨ ᠤ ᠪᠠᠶᠢᠭᠤᠯᠭ᠎ᠠ ᠲᠦᠷᠦᠭᠦᠯᠡᠬᠦ᠂ ᠣᠯᠠᠨ ᠰᠠᠯᠠᠭ᠎ᠠ ᠮᠥᠴᠢᠷ ᠠᠵᠢᠯ | ᠬᠤᠪᠢᠶᠠᠷᠢᠯᠠᠨ ᠬᠠᠮᠵᠢᠯᠴᠠᠬᠤ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠵᠤ᠂ ᠴᠡᠷᠢᠭ ᠡᠯᠰᠡᠬᠦ ᠠᠵᠢᠯ ᠳᠤ | ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠪᠠᠷᠢᠮᠵᠢᠶ᠎ᠠ ᠲᠠᠰ ᠳᠠᠷᠠᠭᠠᠯᠠᠯ ᠢ ᠴᠢᠩᠳᠠᠯᠠᠵᠤ᠂ ᠳᠠᠪᠠᠭᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠪᠣᠭᠤᠮᠲᠠ ᠶᠢ ᠡᠵᠡᠮᠳᠡᠵᠦ᠂ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠴᠡᠷᠢᠭ ᠡᠯᠰᠡᠬᠦ ᠡᠯ᠎ᠡ ᠵᠦᠢᠯ ᠤᠨ ᠠᠵᠢᠯ ᠤᠨ ᠡᠮᠬᠢ | ᠵᠢᠷᠤᠮ ᠲᠠᠢ ᠥᠷᠨᠢᠬᠦ᠂ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠴᠡᠷᠢᠭ ᠠᠩᠭᠢ ᠳᠤ | ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠦᠷᠭᠡᠬᠦ ᠬᠡᠷᠡᠭᠲᠡᠶ ᠭᠡᠵᠦ ᠴᠢᠬᠤᠯᠠᠴᠢᠯᠠᠪᠠ᠃ |