| 12 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠺᠢᠨᠣ᠋ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠬᠤᠤ ᠴᠧᠨ ᠶᠠᠩ | ᠵᠠᠷᠤᠳ ᠬᠤᠰᠢᠭᠤᠨ ᠳᠤ ᠭᠦᠨᠵᠡᠭᠡᠶᠢᠷᠡᠨ ᠺᠢᠨᠣ᠋ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ | ᠬᠤᠤ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠤᠳᠤᠷᠢᠳᠤᠯᠭ᠎ᠠ᠂ | ᠬᠠᠷᠢᠭᠤᠴᠠᠯᠭᠠᠲᠠᠨ ᠪᠠᠷ᠎ᠠ ᠪᠣᠯᠪᠠ᠃ | | | ᠪᠠᠶᠢᠴᠠᠭᠠᠨ ᠰᠤᠳᠤᠯᠬᠤ ᠳᠤᠭᠤᠶᠢᠯᠠᠩ ᠬᠢᠨ ᠤᠷᠢᠳ ᠬᠤᠵᠢᠳ ᠴᠢᠶᠠᠨ ᠱᠦᠨ ᠰᠢᠩ ᠺᠦᠩ ᠺᠢᠨᠤ᠋ ᠶᠢᠨ | ᠣᠷᠳᠣᠨ ᠤ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ ᠴᠡᠭ ᠲᠤ ᠬᠦᠷᠴᠦ ᠺᠢᠨᠣ᠋ ᠶᠢᠨ ᠡᠵᠡᠩᠨᠡᠯᠲᠡ ᠶᠢᠨ ᠪᠠᠶᠢᠳᠠᠯ | ᠂ ᠲᠣᠨᠤᠭ ᠲᠥᠬᠦᠭᠡᠷᠦᠮᠵᠢ᠂ ᠠᠶᠤᠯᠭᠦᠢ ᠦᠢᠯᠡᠳᠪᠦᠷᠢᠯᠡᠯ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ | ᠺᠢᠨᠣ᠋ ᠭᠠᠷᠭᠠᠬᠤ᠂ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠭᠴᠢ ᠵᠡᠷᠭᠡ ᠲᠠᠯ᠎ᠠ ᠶᠢᠨ ᠠᠵᠢᠯ ᠢ ᠪᠠᠶᠢᠴᠠᠭᠠᠨ | ᠰᠣᠳᠣᠯᠵᠤ᠂ ᠵᠢᠭᠠᠨ ᠵᠢᠯᠣᠭᠤᠳᠬᠤ ᠰᠠᠨᠠᠯ ᠳᠤᠷᠠᠳᠪᠠ᠃ | ᠬᠤᠤ ᠴᠧᠨ ᠶᠠᠩ ᠢᠯᠡᠷᠬᠡᠶᠢᠯᠡᠬᠦ ᠳᠡᠭᠡᠨ᠂ ᠺᠢᠨᠣ᠋ ᠶᠢᠨ ᠰᠣᠶᠣᠯ ᠤᠨ ᠵᠠᠬ᠎ᠠ ᠳᠡᠯᠭᠡᠭᠦᠷ ᠪᠣᠯ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ ᠠᠷᠠᠳ | ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠴᠢᠬᠤᠯᠠ ᠠᠭᠤᠯᠭ᠎ᠠ ᠮᠥᠨ᠃ ᠣᠲᠣ ᠶᠢᠨ ᠪᠠᠶᠢᠭ᠎ᠠ | ᠵᠢᠭᠰᠠᠭᠠᠯ ᠤᠨ ᠭᠠᠵᠠᠷ ᠢᠶᠠᠨ ᠤᠯᠠᠮ ᠨᠢᠭᠡ ᠠᠯᠬᠤᠮ ᠰᠠᠶᠢᠲᠤᠷ ᠪᠠᠬᠢᠵᠢᠭᠦᠯᠵᠦ᠂ ᠤᠬᠠᠭᠤᠯᠤᠨ ᠵᠢᠯᠣᠭᠤᠳᠬᠤ | ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠺᠢᠨᠣ᠋ ᠦᠵᠡᠬᠦ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ | ᠬᠡᠷᠡᠭᠲᠡᠶ︔ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠣᠶᠣᠯ ᠵᠢᠭᠤᠯᠴᠢᠯᠠᠯ᠂ ᠰᠤᠷᠭᠠᠨ | ᠬᠥᠮᠦᠵᠢᠯ᠂ ᠵᠣᠴᠢᠳ ᠤᠨ ᠪᠠᠭᠤᠳᠠᠯ ᠵᠡᠷᠭᠡ ᠬᠡᠪ ᠬᠡᠰᠡᠭ ᠤᠨ ᠣᠷᠭᠠᠨᠢᠭ ᠠᠭᠤᠰᠤᠯᠴᠠᠯ ᠢ ᠴᠢᠩᠭᠠᠳᠬᠠᠵᠤ᠂ ︽ᠺᠢᠨᠤ᠋ | ᠶᠢᠨ ᠣᠷᠳᠣᠨ + ᠣᠯᠠᠨ ᠰᠢᠨ᠎ᠡ ᠡᠵᠡᠩᠨᠡᠯᠲᠡ ᠶᠢᠨ ᠬᠡᠯᠪᠡᠷᠢ︾ ᠬᠤᠯᠪᠣᠭᠠᠯᠠᠬᠤ ᠰᠢᠨ᠎ᠡ ᠵᠠᠭᠪᠤᠷ ᠶᠢ ᠲᠠᠰᠣᠷᠠᠯᠲᠠ | ᠦᠭᠡᠢ ᠰᠦᠪᠡᠭᠴᠢᠯᠡᠵᠦ᠂ ᠺᠢᠨᠣ᠋ ᠦᠵᠡᠬᠦ ᠡᠩᠨᠡᠭᠡ ᠶᠢ ᠥᠷᠭᠡᠳᠬᠡᠨ ᠪᠤᠶᠢᠵᠢᠭᠤᠯᠵᠤ᠂ ᠺᠢᠨᠣ᠋ ᠶᠢᠨ ᠵᠠᠬ᠎ᠠ ᠳᠡᠯᠭᠡᠭᠦᠷ ᠤᠨ | ᠰᠢᠨ᠎ᠡ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠶ︔ ᠠᠶᠤᠯᠭᠦᠢ ᠦᠢᠯᠡᠳᠪᠦᠷᠢᠯᠡᠯ ᠤᠨ | ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠶᠢ ᠴᠢᠩᠭᠠᠳᠬᠠᠵᠤ᠂ ᠠᠮᠤᠷ ᠲᠦᠪᠰᠢᠨ ᠲᠠᠭᠠᠯᠠᠮᠵᠢᠲᠠᠶ ᠣᠷᠴᠢᠨ ᠲᠣᠭᠤᠷᠢᠨ᠂ ᠬᠠᠯᠠᠭᠤᠮᠰᠤᠭ | ᠬᠠᠩᠭᠠᠮᠵᠢᠲᠠᠢ ᠦᠢᠯᠡᠴᠢᠯᠡᠭᠡ᠂ ᠴᠢᠨᠠᠷ ᠰᠠᠶᠢᠲᠠᠶ ᠡᠯᠪᠡᠭ ᠳᠡᠯᠪᠡᠭ ᠺᠢᠨᠤ᠋ ᠶᠢᠨ ᠹᠢᠯᠢᠮ ᠢᠶᠠᠷ ᠺᠢᠨᠣ᠋ ᠶᠢᠨ ᠰᠣᠶᠣᠯ ᠤᠨ | ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠶᠡᠬᠡᠪᠡᠷ ᠠᠬᠢᠭᠤᠯᠬᠤ ᠬᠡᠷᠡᠭᠲᠡᠶ ᠭᠡᠪᠡ᠃ | | |