ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠵᠢᠯ ᠤᠨ ᠮᠡᠳᠡᠭᠦᠯᠦᠯᠲᠡ ᠶᠢᠨ ᠰᠠᠨᠠᠯ ᠬᠤᠷᠢᠶᠠᠬᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/1/2
    12 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠠᠭᠤᠳᠠᠯ ᠤᠨ ᠬᠤᠷᠠᠯ ᠬᠢᠵᠦ᠂ ︽ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ︾ ᠤᠨ ᠲᠤᠬᠠᠶ ᠰᠠᠨᠠᠯ ᠰᠠᠨᠠᠭᠤᠯᠭ᠎ᠠ ᠬᠤᠷᠢᠶᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠶ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠯᠦᠩ᠂ ᠵᠠᠩ ᠶᠦᠩ ᠴᠢᠶᠠᠩ᠂ ᠶᠠᠩ ᠵᠧᠨ ᠴᠢᠩ ᠵᠢᠴᠢ ᠡᠯ᠎ᠡ ᠠᠵᠢᠯ ᠤᠨ ᠵᠥᠪᠯᠡᠯ ᠤᠨ ᠬᠠᠷᠢᠭᠤᠴᠠᠯᠭᠠᠲᠠᠨ᠂ ᠬᠡᠰᠡᠭ ᠬᠤᠰᠢᠭᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
2fc08017a44667513468422ea4495da.jpg
    ᠬᠤᠷᠠᠯ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠭᠤᠤᠯ ᠠᠭᠤᠯᠭ᠎ᠠ ᠶᠢ ᠲᠠᠨᠢᠯᠴᠠᠭᠤᠯᠪᠠ︔ ᠬᠤᠷᠠᠯ ᠳᠤ ᠣᠷᠣᠯᠴᠠᠭᠰᠠᠳ ᠠᠴᠠ ᠠᠮᠵᠢᠯᠲᠠ ᠪᠦᠲᠦᠮᠵᠢ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠠᠵᠢᠯ ᠢᠶᠠᠨ ᠲᠥᠯᠥᠪᠵᠢᠭᠦᠯᠦᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠬᠢᠯᠠᠰ ᠴᠡᠭ ᠪᠠ ᠠᠮᠵᠢᠯᠲᠠ ᠶᠢ ᠨᠡᠯᠢᠶᠡᠳ ᠰᠠᠶᠢᠨ ᠲᠤᠰᠬᠠᠵᠠᠢ ᠭᠡᠵᠦ ᠰᠠᠨᠠᠯ ᠨᠢᠭᠡᠲᠡᠶ ᠦᠵᠡᠪᠡ᠃ ᠤᠯᠠᠨ ᠢᠶᠠᠷ ᠢᠶᠠᠨ ᠪᠠᠰᠠ ᠢᠯᠡᠳᠬᠡᠯ ᠢ ᠲᠡᠭᠦᠯᠳᠡᠷᠵᠢᠭᠦᠯᠬᠦ ᠪᠠ ᠵᠠᠰᠠᠪᠤᠷᠢ ᠣᠷᠣᠭᠤᠯᠬᠤ ᠲᠤᠬᠠᠢ ᠥᠪᠡᠷ ᠥᠪᠡᠷ ᠤᠨ ᠰᠠᠨᠠᠯ ᠢᠶᠠᠨ ᠢᠯᠡᠳᠬᠡᠬᠦ ᠶᠢᠨ ᠬᠠᠮᠲᠤ ᠠᠵᠢᠯ ᠤᠨ ᠮᠡᠳᠡᠭᠦᠯᠦᠯᠲᠡ ᠶᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠬᠤ ᠰᠠᠶᠢᠵᠢᠷᠠᠭᠤᠯᠬᠤ ᠵᠡᠷᠭᠡ ᠲᠠᠯ᠎ᠠ ᠪᠠᠷ ᠪᠣᠳᠠᠲᠠᠢ ᠰᠠᠨᠠᠯ ᠰᠠᠨᠠᠭᠤᠯᠭ᠎ᠠ ᠳᠣᠷᠠᠳᠪᠠ᠃
b5f90139a995c60dafd11e7a80f204a.jpg
    ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠣᠯ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠪᠢᠴᠢᠭ ᠮᠠᠲ᠋ᠧᠷᠢᠶᠠᠯ ᠮᠥᠨ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠪᠥᠬᠦ ᠬᠤᠰᠢᠭᠤᠨ ᠤ ᠠᠷᠠᠳ ᠲᠦᠮᠡᠨ ᠳᠤ ᠲᠤᠰᠢᠶᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ︽ᠬᠢᠷᠢ ᠪᠦᠲᠦᠮᠵᠢ ᠶᠢᠨ ᠬᠠᠭᠤᠳᠠᠰᠤ︾ ᠮᠥᠨ᠃ ᠮᠡᠳᠡᠭᠦᠯᠦᠯᠲᠡ ᠲᠤᠭᠤᠷᠪᠢᠬᠤ ᠳᠤᠭᠤᠶᠢᠯᠠᠩ ᠬᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠵᠤᠷᠪᠤᠰ ᠳᠠᠷᠠᠭᠠᠯᠠᠨ ᠰᠤᠳᠤᠯᠵᠤ᠂ ᠢᠳᠡᠪᠬᠢᠲᠡᠢ ᠪᠠᠷ ᠬᠦᠯᠢᠶᠡᠨ ᠠᠪᠴᠤ᠂ ᠠᠵᠢᠯ ᠤᠨ ᠮᠡᠳᠡᠭᠦᠯᠦᠯᠲᠡ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠮᠡᠳᠡᠭᠦᠯᠦᠯᠲᠡ ᠳᠤ ᠠᠵᠢᠯ ᠢ ᠨᠠᠩ ᠪᠥᠬᠦ ᠲᠠᠯ᠎ᠠ ᠪᠠᠷ᠂ ᠭᠤᠤᠯᠳᠠᠯᠭ᠎ᠠ ᠶᠢ ᠨᠠᠩ ᠲᠣᠪᠤᠶᠢᠮ᠎ᠠ᠂ ᠦᠰᠦᠭ ᠪᠢᠴᠢᠭ ᠢ ᠲᠣᠪᠴᠢ ᠠᠪᠰᠠᠷᠬᠠᠨ ᠪᠣᠯᠭᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ ᠠᠵᠢᠯ ᠤᠨ ᠦᠷ᠎ᠡ ᠪᠦᠲᠦᠮᠵᠢ ᠪᠠ ᠢᠷᠡᠭᠡᠳᠦᠶ ᠶᠢᠨ ᠨᠢᠭᠡ ᠵᠢᠯ ᠤᠨ ᠠᠵᠢᠯ ᠤᠨ ᠭᠤᠤᠯᠳᠠᠯᠭ᠎ᠠ ᠶᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号