| 1 ᠰᠠᠷ᠎ᠠ ᠶᠢᠨ 17 ᠤ ᠡᠳᠦᠷ᠂ ᠤᠯᠠᠭᠠᠨᠬᠠᠳᠠ ᠰᠤᠮᠤ ᠠᠶᠤᠯᠭᠦᠢ ᠦᠢᠯᠡᠳᠪᠦᠷᠢᠯᠡᠯ ᠤᠨ ᠠᠵᠢᠯ ᠢ ᠠᠬᠢᠭᠤᠯᠬᠤ | ᠬᠤᠷᠠᠯ ᠬᠢᠪᠡ᠃ ᠬᠤᠷᠠᠯ ᠠᠴᠠ ᠤᠢ ᠰᠢᠭᠤᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠭᠠᠯ ᠠᠴᠠ ᠰᠡᠷᠭᠡᠶᠢᠯᠡᠬᠦ | ᠠᠮᠤᠷ ᠲᠦᠪᠰᠢᠨ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠳᠤᠯᠠᠭᠠᠯᠠᠭ᠎ᠠ ᠬᠠᠩᠭᠠᠬᠤ ᠵᠡᠷᠭᠡ ᠲᠠᠯ᠎ᠠ ᠪᠠᠷ | ᠲᠤᠬᠢᠷᠠᠭᠤᠯᠤᠯᠳᠠ ᠬᠢᠵᠦ ᠲᠠᠬᠢᠨ ᠪᠠᠶᠢᠷᠢᠯᠠᠭᠤᠯᠵᠤ᠂ ᠺᠠᠳ᠋ᠷ ᠤᠯᠠᠨ ᠲᠦᠮᠡᠨ ᠳᠤ ᠣᠳᠣᠬᠠᠨ ᠤ ᠠᠮᠤᠷ ᠲᠦᠪᠰᠢᠨ ᠤ | ᠪᠠᠶᠢᠳᠠᠯ ᠢ ᠲᠣᠳᠣᠷᠬᠠᠢ ᠲᠠᠨᠢᠵᠤ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢᠶᠠᠨ ᠦᠷᠭᠦᠯᠵᠢᠯᠡᠨ | ᠴᠢᠩᠭᠠᠳᠬᠠᠬᠤ ᠬᠡᠷᠡᠭᠲᠡᠢ᠃ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠡᠷᠭᠡᠶᠢᠯᠡᠬᠦ ᠪᠠᠷ | ᠭᠤᠣᠯ ᠪᠣᠯᠭᠠᠵᠤ᠂ ᠳᠠᠯᠳᠠ ᠭᠡᠮ ᠤᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠬᠤ ᠶᠢᠨ ᠬᠠᠮᠲᠤ | ᠬᠥᠳᠡᠯᠦᠩᠭᠦᠢ ᠪᠠᠷ ᠡᠵᠡᠮᠰᠢᠵᠦ᠂ ᠥᠴᠦᠬᠡᠨ ᠴᠦ ᠬᠠᠰᠢ ᠶᠠᠰᠢ ᠬᠠᠨᠳᠤᠵᠤ ᠪᠣᠯᠬᠤ ᠦᠭᠡᠢ᠂ ᠠᠳᠡᠯ ᠤᠨ ᠳᠠᠯᠳᠠ | ᠭᠡᠮ ᠢ ᠦᠨᠳᠦᠰᠦᠨ ᠠᠴᠠ ᠨᠢ ᠬᠦᠴᠦᠯᠡᠨ ᠠᠷᠢᠯᠭᠠᠵᠤ᠂ ᠬᠠᠷᠢᠶ᠎ᠠ ᠣᠷᠣᠨ ᠤ ᠪᠠᠨ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠰᠠᠨᠠᠭᠤᠯᠪᠠ᠃ |