| | 1 ᠰᠠᠷ᠎ᠠ ᠶᠢᠨ 3 ᠤ ᠡᠳᠦᠷ᠂ ᠳᠡᠳ᠋ ᠬᠤᠰᠢᠭᠤᠨ ᠳᠠᠷᠤᠭ᠎ᠠ ᠸᠠᠩ ᠾᠧ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠨ ᠵᠦ ᠵᠢᠴᠢ | ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠸᠠᠩ ᠾᠧ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ | ᠴᠠᠪᠠ ᠶᠢᠨ ᠲᠠᠯ᠎ᠠ ᠠᠴᠠ ᠰᠣᠭᠤᠲᠣ ᠬᠦᠷᠬᠦ ᠦᠨᠳᠦᠷ ᠬᠤᠷᠳᠣᠴᠠᠲᠤ ᠵᠠᠰᠠᠮᠠᠯ ᠵᠠᠮ ᠤᠨ ᠲᠦᠷᠦᠯ ᠵᠦᠢᠯ ᠤᠨ ᠠᠬᠤᠢ | ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠰᠣᠨᠣᠰᠬᠤ | ᠵᠡᠷᠭᠡ ᠬᠡᠯᠪᠡᠷᠢ ᠪᠠᠷ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠶᠢᠨ ᠲᠡᠷᠭᠡ ᠬᠦᠯᠢᠶᠡᠬᠦ ᠲᠢᠩᠬᠢᠮ᠂ ᠪᠢᠯᠧᠲ | ᠬᠤᠳᠠᠯᠳᠤᠬᠤ ᠴᠣᠩᠬᠤᠪᠴᠢ᠂ ᠠᠮᠤᠷ ᠲᠦᠪᠰᠢᠨ ᠤ ᠪᠠᠶᠢᠴᠠᠭᠠᠯᠲᠠ ᠶᠢᠨ ᠲᠠᠪᠴᠠᠩ᠂ ᠲᠡᠷᠭᠡ ᠬᠥᠳᠡᠯᠬᠦ ᠲᠣᠭᠤᠷᠢᠭ | ᠵᠢᠴᠢ ᠴᠠᠪᠠ ᠶᠢᠨ ᠲᠠᠯ᠎ᠠ ᠠᠴᠠ ᠰᠣᠭᠤᠲᠣ ᠬᠦᠷᠬᠦ ᠦᠨᠳᠦᠷ ᠬᠤᠷᠳᠣᠴᠠᠲᠤ ᠵᠠᠰᠠᠮᠠᠯ ᠵᠠᠮ ᠤᠨ ᠲᠦᠷᠦᠯ ᠵᠦᠢᠯ ᠤᠨ | ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ | ᠳᠠᠷᠠᠭ᠎ᠠ ᠨᠢ ᠰᠠᠭᠤᠳᠠᠯ ᠤᠨ ᠬᠤᠷᠠᠯ ᠬᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ | ᠦᠨᠳᠦᠰᠦᠨ ᠪᠠᠶᠢᠳᠠᠯ᠂ 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | 2025 ᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠵᠢᠴᠢ ᠣᠷᠣᠰᠢᠵᠤ ᠪᠠᠶᠢᠭ᠎ᠠ | ᠠᠰᠠᠭᠤᠳᠠᠯ ᠢ ᠰᠣᠨᠣᠰᠤᠭᠰᠠᠨ ᠪᠥᠭᠡᠳ ᠠᠰᠠᠭᠤᠳᠠᠯ ᠳᠤ ᠴᠢᠭᠯᠡᠭᠦᠯᠦᠨ ᠭᠦᠨᠵᠡᠭᠡᠶ ᠰᠤᠳᠤᠯᠤᠨ ᠶᠠᠷᠢᠯᠴᠠᠵᠤ᠂ | ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠰᠠᠨᠠᠭᠤᠯᠭ᠎ᠠ ᠶᠢ ᠨᠢᠭᠡᠳ ᠨᠢᠭᠡ ᠪᠠᠷ ᠳᠤᠷᠠᠳᠪᠠ᠃ | ᠸᠠᠩ ᠾᠧ ᠠᠴᠠ ᠨᠢᠭᠡ ᠳᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ | ᠠᠵᠢᠯ ᠢ ᠲᠦᠷᠭᠡᠳᠬᠡᠬᠦ ᠬᠡᠷᠡᠭᠲᠡᠢ᠃ ᠲᠦᠷᠦᠯ ᠵᠦᠢᠯ ᠢ ᠲᠠᠭᠠᠨ ᠮᠦᠷᠳᠡᠬᠦ ᠬᠥᠮᠦᠨ ᠲᠠᠢ᠂ ᠠᠰᠠᠭᠤᠳᠠᠯ ᠢ | ᠰᠢᠢᠳᠪᠦᠷᠢᠯᠡᠬᠦ ᠬᠥᠮᠦᠨ ᠲᠠᠢ ᠪᠠᠶᠢᠬᠤ ᠶᠢ ᠪᠠᠲᠤᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠬᠠᠪᠤᠷ ᠤᠨ | ᠤᠯᠠᠷᠢᠯ ᠤᠨ ᠠᠵᠢᠯ ᠡᠬᠢᠯᠡᠬᠦ ᠳᠤ ᠰᠠᠭᠤᠷᠢ ᠶᠢ ᠰᠠᠶᠢᠲᠤᠷ ᠲᠠᠯᠪᠢᠵᠤ᠂ ᠪᠠᠲᠤᠯᠠᠭ᠎ᠠ ᠬᠠᠩᠭᠠᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠠᠵᠢᠯ ᠤᠨ ᠠᠬᠢᠴᠠ ᠶᠢ | ᠲᠦᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠥᠨᠳᠥᠷ | ᠪᠦᠲᠦᠮᠵᠢᠲᠡᠢ ᠪᠡᠶᠡᠯᠡᠭᠦᠯᠬᠦ ᠬᠡᠷᠡᠭᠲᠡᠢ︔ ᠬᠤᠶᠠᠷ ᠲᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠬᠦ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠨᠡᠬᠦ ᠠᠵᠢᠯ ᠤᠨ ᠴᠢᠬᠤᠯᠠ ᠴᠢᠨᠠᠷ ᠪᠣᠯᠤᠨ | ᠪᠠᠴᠢᠮ ᠲᠤᠯᠭᠠᠮ᠎ᠠ ᠰᠡᠳᠬᠢᠯᠭᠡ ᠶᠢ ᠭᠦᠢᠴᠡᠳ ᠲᠠᠨᠢᠵᠤ᠂ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠳᠠᠲᠠᠢ ᠶᠢ ᠡᠷᠬᠢᠮᠯᠡᠬᠦ | ᠰᠤᠷᠲᠠᠯ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠢᠭᠡᠳ ᠨᠢᠭᠡ ᠪᠠᠷ ᠰᠤᠳᠤᠯᠵᠤ᠂ ᠵᠦᠢᠯ ᠳᠠᠷᠠᠭᠠᠯᠠᠨ ᠰᠢᠢᠳᠪᠦᠷᠢᠯᠡᠵᠦ | ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠢ︔ ᠭᠤᠷᠪᠠ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠬᠤ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠤᠷᠢᠲᠠᠯ ᠪᠣᠯᠭᠠᠵᠤ | ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠢᠮᠠᠭᠲᠠ ᠨᠠᠶᠢᠳᠠᠪᠤᠷᠢᠵᠢᠭᠤᠯᠬᠤ ᠪᠠᠷ ᠭᠤᠣᠯ ᠪᠣᠯᠭᠠᠵᠤ᠂ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠢ | ᠨᠠᠷᠢᠨ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠮᠢᠶᠠᠷᠤᠯᠲᠠ ᠶᠢᠨ ᠲᠦᠪᠰᠢᠨ ᠢ | ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |