ᠰᠢᠨᠵᠢᠯᠡᠭᠡ ᠮᠡᠷᠭᠡᠵᠢᠯ ᠢᠶᠠᠷ ᠡᠨᠧᠷᠭᠢ ᠣᠯᠭᠤᠵᠤ᠂ ᠵᠠᠷᠤᠳ ᠬᠤᠰᠢᠭᠤᠨ ᠤ ᠦᠬᠡᠷ ᠤᠨ ᠠᠵᠤ ᠦᠢᠯᠡᠰ ᠦᠷᠨᠢᠭᠦᠨ ᠬᠦᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2025/1/8
                  ᠵᠠᠷᠤᠳ ᠬᠤᠰᠢᠭᠤ ᠪᠣᠯ ᠥᠪᠡᠷᠲᠡᠭᠡᠨ ᠵᠠᠰᠠᠬᠤ ᠣᠷᠣᠨ ᠤ 33 ᠮᠠᠯᠵᠢᠬᠤ ᠬᠤᠰᠢᠭᠤ ᠰᠢᠶᠠᠨ ᠤ ᠨᠢᠭᠡ ᠪᠠᠶᠢᠵᠤ ᠂ 1425 ᠲᠦᠮᠡᠨ ᠮᠦ  ᠪᠠᠶᠢᠭᠠᠯᠢᠯᠢᠭ ᠪᠡᠯᠴᠢᠭᠡᠷ ᠲᠠᠢ᠂ 203 ᠲᠦᠮᠡᠨ ᠲᠣᠯᠣᠭᠠᠢ ᠬᠤᠨᠢ ᠪᠠᠶᠢᠨ᠎ᠠ᠃ ᠣᠶᠢᠷ᠎ᠠ ᠶᠢᠨ ᠬᠡᠳᠦᠨ ᠵᠢᠯ ᠳᠤ᠂ ᠵᠠᠷᠤᠳ ᠬᠤᠰᠢᠭᠤ ︽ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠪᠠᠯᠭᠠᠰᠤ︾ ᠶᠢ ᠪᠥᠲᠥᠭᠡᠨ ᠪᠠᠶᠢᠭᠤᠯᠬᠤ ᠰᠡᠳᠬᠢᠮᠵᠢ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠬᠡᠯᠬᠢᠶ᠎ᠡ ᠶᠢ ᠤᠷᠲᠤᠳᠬᠠᠵᠤ᠂ ᠰᠦᠷᠦᠭᠵᠢᠯ ᠢ ᠬᠦᠴᠦᠷᠬᠡᠭᠵᠢᠭᠦᠯᠵᠦ᠂ ᠠᠮᠢ ᠠᠬᠤᠶ ᠶᠢ ᠰᠢᠯᠢᠳᠡᠭᠵᠢᠭᠦᠯᠬᠦ ᠶᠢᠨ ᠬᠠᠮᠲᠤ ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠶ ᠳᠤᠨᠢ ᠠᠷᠭᠠᠴᠠᠭᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠲᠦᠰᠢᠭᠯᠡᠨ ᠨᠢᠭᠡ ᠪᠦᠯᠦᠭ ︽ᠠᠯᠠᠰᠢᠨ ᠦᠬᠡᠷ ᠤᠨ  ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ︾ ᠶᠢ ᠡᠭᠦᠳᠦᠨ ᠪᠠᠶᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ᠂ ᠰᠢᠰᠲ᠋ᠧᠮ ᠲᠠᠢ ᠪᠠᠷ ᠳᠡᠭᠡᠭᠰᠢᠯᠡᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃
e57b55e11c811a8c49824c733be9553.jpg
    ᠪᠠᠶᠠᠷᠳᠤᠬᠤᠰᠢᠭᠤ ᠪᠠᠯᠭᠠᠰᠤᠨ ᠤ ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠰᠧᠨ ᠯᠢᠨ ᠮᠠᠯ ᠤᠨ ᠡᠮ ᠤᠨ ᠳᠡᠯᠭᠡᠭᠦᠷ ᠲᠤ ᠣᠷᠣᠬᠤ ᠳᠤ᠂ ᠡᠩ ᠲᠡᠷᠢᠭᠦᠨ ᠳᠤ ᠥᠷᠲᠡᠭᠡᠨ ᠳᠤ ᠰᠠᠭᠤᠭ᠎ᠠ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠲᠤᠰᠬᠠᠶ ᠪᠤᠯᠤᠩ ᠪᠠ ᠦᠢᠯᠡᠴᠢᠯᠡᠭᠡᠨ ᠤ ᠲᠦᠷᠢᠮ ᠵᠢᠴᠢ ᠪᠥᠬᠦ ᠬᠤᠲᠠ ᠶᠢᠨ ᠠᠯᠠᠰᠢᠨ ᠦᠬᠡᠷ ᠲᠡᠵᠢᠭᠡᠪᠦᠷᠢ ᠶᠢᠨ ᠲᠤᠰᠬᠠᠶ ᠮᠡᠷᠭᠡᠵᠢᠯᠲᠡᠨ ᠤ ᠲᠣᠪᠴᠢ ᠲᠠᠨᠢᠯᠴᠠᠭᠤᠯᠭ᠎ᠠ ᠲᠣᠰ ᠲᠣᠰ ᠵᠡᠭᠦᠨ ᠪᠠᠷᠠᠭᠤᠨ ᠬᠤᠶᠠᠷ ᠬᠠᠵᠠᠭᠤ ᠶᠢᠨ ᠬᠡᠷᠡᠮ ᠳᠤ ᠡᠯᠭᠦᠵᠦ᠂ ᠳᠡᠯᠭᠡᠭᠦᠷ ᠨᠢ ᠠᠷᠢᠭᠤᠨ ᠴᠡᠪᠡᠷ ᠴᠡᠮᠴᠡᠭᠡᠷ ᠪᠠᠶᠢᠵᠤ᠂ ᠡᠮ ᠬᠡᠷᠡᠭᠰᠡᠯ ᠢ ᠲᠡᠷᠢ ᠲᠡᠭᠰᠢ ᠲᠠᠯᠪᠢᠵᠤ ᠪᠠᠶᠢᠯ᠎ᠠ᠃ ᠯᠠᠩᠭᠦᠶ ᠶᠢᠨ ᠡᠮᠦᠨ᠎ᠡ᠂ ︽ᠥᠷᠲᠡᠭᠡ︾ ᠶᠢᠨ ᠬᠠᠷᠢᠭᠤᠴᠠᠯᠭᠠᠲᠠᠨ ᠬᠤᠩ ᠰᠧᠨ ᠯᠢᠨ ᠶᠠᠭ ᠡᠮ ᠬᠤᠳᠠᠯᠳᠤᠨ ᠠᠪᠬᠤ ᠪᠠᠷ ᠢᠷᠡᠭᠰᠡᠨ ᠮᠠᠯᠴᠢᠨ ᠢ ᠬᠦᠯᠢᠶᠡᠨ ᠠᠪᠴᠤ ᠵᠣᠴᠢᠯᠠᠬᠤ ᠪᠠᠷ ᠶᠠᠭᠠᠷᠠᠯᠳᠤᠵᠤ᠂ ᠲᠡᠷᠡ ᠲᠤᠭᠤᠯ ᠤᠨ ᠡᠪᠡᠳᠴᠢᠯᠡᠭᠰᠡᠨ ᠪᠠᠶᠢᠳᠠᠯ ᠢ ᠨᠠᠷᠢᠨ ᠠᠰᠠᠭᠤᠵᠤ᠂ ᠳᠠᠷᠠᠭ᠎ᠠ ᠨᠢ ᠪᠠᠷᠠᠭᠠᠨ ᠤ ᠲᠠᠯᠪᠢᠭᠤᠷ ᠳᠡᠭᠡᠷ᠎ᠡ ᠠᠴᠠ ᠭᠤᠷᠪᠠ ᠳᠥᠷᠪᠡᠨ ᠵᠦᠢᠯ ᠤᠨ ᠡᠮ ᠠᠪᠴᠤ ᠮᠠᠯᠴᠢᠳ ᠲᠤ ᠬᠦᠷᠭᠡᠬᠦ ᠶᠢᠨ ᠬᠠᠮᠲᠤ ᠡᠮ ᠬᠡᠷᠡᠭᠯᠡᠬᠦ ᠠᠷᠭ᠎ᠠ ᠶᠢ ᠬᠡᠯᠡᠵᠦ ᠥᠭᠪᠡ᠃
195a045ae9aab8264861a24df586670.jpg
    ︽ᠡᠳᠦᠷ ᠪᠦᠷᠢ ᠳᠡᠯᠭᠡᠭᠦᠷ ᠲᠤ ᠢᠷᠡᠵᠦ ᠡᠮ ᠬᠤᠳᠠᠯᠳᠤᠨ ᠠᠪᠴᠤ᠂ ᠠᠰᠠᠭᠤᠨ ᠯᠠᠪᠯᠠᠬᠤ ᠮᠠᠯᠴᠢᠨ ᠠᠷᠪᠢᠨ ᠪᠠᠶᠢᠬᠤ ᠪᠥᠭᠡᠳ ᠡᠪᠡᠳᠴᠢᠯᠡᠭᠰᠡᠨ ᠦᠬᠡᠷ ᠢᠶᠠᠨ ᠠᠪᠴᠤ ᠢᠷᠡᠵᠦ ᠡᠮᠨᠡᠨ ᠵᠠᠰᠠᠬᠤ ᠨᠢ  ᠶᠠᠪᠣᠳᠠᠯ ᠴᠤ ᠮᠠᠰᠢ ᠣᠯᠠᠨ ᠪᠠᠶᠢᠵᠤ᠂ ᠰᠠᠷ᠎ᠠ ᠪᠦᠷᠢ ᠶᠢᠨ ᠡᠮᠨᠡᠬᠦ ᠬᠡᠮᠵᠢᠶ᠎ᠡ ᠪᠠᠷᠤᠭ 1000 ᠲᠣᠯᠣᠭᠠᠶ ᠬᠦᠷᠴᠦ᠂ ᠵᠢᠯ ᠳᠤ ᠭᠡᠷ ᠲᠤ ᠢᠷᠡᠵᠦ ᠡᠮᠨᠡᠭᠦᠯᠦᠨ ᠵᠠᠰᠠᠯᠠᠭᠤᠯᠬᠤ ᠦᠬᠡᠷ ᠪᠠᠷᠤᠭ  ᠲᠥᠮᠡᠨ ᠲᠣᠯᠣᠭᠠᠢ ᠬᠦᠷᠴᠦ ᠪᠠᠶᠢᠨ᠎ᠠ᠃︾ ᠭᠡᠵᠦ ᠬᠤᠩ ᠰᠧᠨ ᠯᠢᠨ ᠲᠠᠨᠢᠯᠴᠠᠭᠤᠯᠪᠠ᠃    2023 ᠣᠨ ᠳᠤ᠂ ᠪᠥᠬᠦ ᠬᠤᠰᠢᠭᠤᠨ ᠤ ᠠᠩᠬᠠᠳᠠᠭᠴᠢ 5 ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠲᠡᠵᠢᠭᠡᠪᠦᠷᠢ ᠶᠢᠨ ᠬᠤᠷᠰᠢᠶ᠎ᠠ ᠵᠡᠷᠭᠡ ᠪᠣᠳᠠᠲᠤ ᠴᠣᠭᠴᠠ ᠬᠢᠭᠡᠳ ᠥᠪᠥᠷ ᠮᠣᠩᠭᠤᠯ ᠤᠨ ᠤᠯᠤᠰ ᠤᠨ ᠦᠬᠡᠷ ᠤᠨ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠬᠤᠯᠪᠣᠭᠠᠯᠠᠨ ᠪᠠᠶᠢᠭᠤᠯᠵᠤ᠂ ᠡᠨᠡ ᠨᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠲᠠᠯ᠎ᠠ ᠪᠠᠷ ᠬᠢ ᠳᠠᠪᠠᠭᠤᠯᠢᠭ ᠢ ᠪᠠᠳᠠᠷᠠᠭᠤᠯᠵᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠣᠨᠣᠴᠠᠲᠠᠶ ᠪᠠᠷ ᠰᠢᠮ᠎ᠡ ᠲᠡᠵᠢᠭᠡᠯ ᠰᠠᠶᠢᠲᠠᠢ ᠲᠡᠵᠢᠭᠡᠬᠦ᠂ ᠪᠠᠭᠠᠰᠤ ᠰᠢᠭᠡᠰᠦ ᠶᠢ ᠠᠰᠢᠭᠯᠠᠬᠤ᠂ ᠣᠶᠤᠨᠴᠢ ᠬᠠᠮᠢᠶᠠᠷᠤᠯᠲᠠ ᠬᠢᠬᠦ ︽ᠲᠠᠪᠤ ᠶᠢ ᠨᠢᠭᠡ ᠴᠣᠭᠴᠠᠵᠢᠭᠤᠯᠬᠤ︾ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠲᠥᠯᠥᠭᠡ ᠶᠤᠮ᠃ ᠲᠣᠰ ᠰᠢᠰᠲ᠋ᠧᠮ ᠢᠶᠠᠷ ᠳᠠᠮᠵᠢᠭᠤᠯᠤᠨ ᠴᠢᠳᠠᠪᠤᠷᠢᠲᠠᠨ᠂ ᠮᠡᠷᠭᠡᠵᠢᠯ ᠂ ᠦᠷ᠎ᠡ ᠪᠦᠲᠦᠭᠡᠯ ᠢ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠲᠥᠪᠯᠡᠷᠡᠭᠦᠯᠬᠦ ᠶᠢ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠡᠯᠧᠮᠧᠨ᠋ᠲ ᠢ ᠨᠢᠭᠡ ᠴᠤᠭᠴᠠᠵᠢᠭᠤᠯᠤᠨ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠶᠢ ᠦᠨᠡᠨ ᠬᠦ ᠲᠡᠵᠢᠭᠡᠪᠦᠷᠢ ᠶᠢᠨ ᠡᠷᠦᠬᠡ ᠳᠤ ᠬᠦᠷᠭᠡᠵᠦ᠂  ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ︽ᠡᠴᠦᠰ ᠤᠨ ᠨᠢᠭᠡ  ᠺᠢᠯᠤᠮᠧᠲᠷ︾ ᠢ ᠨᠡᠪᠲᠡᠷᠡᠭᠦᠯᠪᠡ᠃
5f799ffb9da64aaee403a1d17152f1e.jpg
    ︽ᠮᠠᠨ ᠤ ᠨᠢᠭᠡ ᠦᠬᠡᠷ ᠳᠥᠷᠪᠡ ᠲᠠᠪᠤᠨ ᠡᠳᠦᠷ ᠡᠪᠡᠰᠦ ᠢᠳᠡᠬᠦ ᠦᠭᠡᠢ ᠪᠣᠯᠵᠠᠢ᠂ ᠲᠠ ᠢᠷᠡᠭᠡᠳ ᠬᠠᠪᠰᠤᠷᠴᠤ ᠦᠵᠡ ᠲᠡᠭᠡ᠃︾ ᠤᠶᠢᠷ᠎ᠠ ᠳᠤ᠂ ᠦᠯᠵᠡᠶᠢᠮᠦ᠋ᠷᠡᠨ ᠰᠤᠮᠤ ᠶᠢᠨ ᠠᠯᠠᠰᠢᠨ ᠦᠬᠡᠷ ᠤᠨ  ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠦᠷᠳᠡᠭᠡ ᠶᠢᠨ ᠬᠠᠷᠢᠭᠤᠴᠠᠯᠭᠠᠲᠠᠨ ᠵᠠᠩ ᠸᠧᠨ ᠲᠤᠤ ᠲᠡᠵᠢᠭᠡᠪᠦᠷᠢ ᠶᠢᠨ ᠡᠷᠦᠬᠡ  ᠲᠠᠢ ᠤᠲᠠᠰᠤ ᠨᠡᠪᠲᠡᠷᠡᠭᠰᠡᠨ ᠤ ᠳᠠᠷᠠᠭ᠎ᠠ᠂ ᠦᠳᠲᠡᠷ ᠲᠦᠷᠭᠡᠨ ᠮᠠᠯᠴᠢᠳ ᠤᠨ ᠭᠡᠷ ᠲᠤ ᠬᠦᠷᠪᠡ᠃ ᠴᠢᠩᠨᠡᠨ ᠪᠠᠶᠢᠴᠠᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠨ᠂ ᠡᠴᠦᠰ ᠲᠡᠭᠡᠨ ᠡᠨᠡ ᠦᠬᠡᠷ ᠤᠨ ᠬᠤᠳᠣᠭᠤᠳᠣ ᠭᠡᠳᠡᠰᠦᠨ ᠤ ᠦᠷᠪᠢᠰᠦᠯ ᠠᠴᠠ ᠪᠣᠯᠤᠭᠰᠠᠨ ᠭᠦᠵᠡᠭᠡᠨ ᠳᠤ ᠢᠳᠡᠰᠢ ᠶᠢᠨ ᠰᠢᠩᠭᠡᠭᠰᠡᠨ ᠢ ᠣᠨᠣᠰᠢᠯᠠᠨ ᠲᠣᠳᠣᠯᠠᠵᠤ᠂ ᠲᠡᠷᠡ ᠳᠠᠷᠤᠢ ᠳᠤᠨᠢ ᠡᠪᠡᠳᠴᠢᠨ ᠲᠠᠢ ᠦᠬᠡᠷ ᠢ ᠡᠮᠨᠡᠨ ᠵᠠᠰᠠᠪᠠ᠃    ᠥᠨᠥᠳᠦᠷ ᠤᠨ ᠡᠨᠡᠬᠦ ᠪᠠᠶᠢᠳᠠᠯ ᠬᠡᠳᠦᠨ ᠡᠳᠦᠷ ᠠᠯᠤᠰᠯᠠᠬᠤ ᠪᠦᠷᠢ ᠭᠠᠷᠳᠠᠭ᠂ ᠬᠥᠬᠦᠨ ᠤ ᠦᠷᠪᠢᠰᠦᠯ᠂ ᠭᠡᠳᠡᠰᠦᠨ ᠤ ᠦᠷᠪᠢᠰᠦᠯ᠂ ᠦᠬᠡᠷ ᠤᠨ ᠰᠠ ᠮᠡᠲᠦ ᠬᠢᠵᠢᠭ ᠡᠪᠡᠳᠴᠢᠨ ᠪᠠᠶᠢᠩᠭᠤ ᠲᠣᠬᠢᠶᠠᠯᠳᠤᠳᠠᠭ ᠪᠠᠶᠢᠨ᠎ᠠ᠃  ᠣᠨᠴᠠᠭᠠᠶᠢᠯᠠᠨ ︿ᠥᠷᠲᠡᠭᠡ﹀ ᠶᠢ ᠪᠠᠶᠢᠭᠤᠯᠤᠭᠰᠠᠨ ᠤ ᠳᠠᠷᠠᠭ᠎ᠠ᠂ ᠠᠰᠠᠭᠤᠨ ᠯᠠᠪᠯᠠᠬᠤ ᠪᠠᠷ ᠢᠷᠡᠬᠦ ᠬᠦᠮᠦᠰ ᠨᠠᠩ ᠣᠯᠠᠨ ᠪᠣᠯᠵᠣ᠂ ᠲᠡᠵᠢᠭᠡᠪᠦᠷᠢ ᠶᠢᠨ ᠡᠷᠦᠬᠡ ᠶᠢᠨ ᠣᠷᠣᠯᠭ᠎ᠠ ᠶᠢ ᠨᠠᠩ ᠪᠠᠲᠤᠯᠠᠭ᠎ᠠ ᠲᠠᠢ ᠪᠣᠯᠭᠠᠨ᠎ᠠ᠃︾ ᠭᠡᠵᠦ ᠵᠠᠩ ᠸᠧᠨ ᠲᠤᠤ ᠪᠠᠶᠠᠷ ᠪᠠᠶᠠᠰᠬᠤᠯᠠᠩ ᠲᠠᠢ ᠪᠠᠷ ᠬᠡᠯᠡᠪᠡ᠃    ︽ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠶᠢ ᠡᠭᠦᠳᠦᠨ ᠪᠠᠶᠢᠭᠤᠯᠬᠤ ᠪᠣᠯ ᠵᠠᠷᠤᠳ ᠬᠤᠰᠢᠭᠤᠨ ᠤ ᠰᠢᠨᠵᠢᠡᠯᠭᠡ ᠮᠡᠷᠭᠡᠵᠢᠯ ᠤᠨ ᠦᠢᠯᠡᠴᠢᠯᠡᠭᠡᠨ ᠤ ᠠᠯᠠᠰᠢᠨ ᠦᠬᠡᠷ ᠤᠨ ᠠᠵᠤ ᠦᠢᠯᠡᠰ ᠤᠨ ᠨᠡᠶᠢᠭᠡᠮᠴᠢᠯᠡᠯᠲᠡ ᠶᠢ ᠰᠦᠪᠡᠭᠴᠢᠯᠡᠨ ᠬᠡᠷᠡᠭᠵᠢᠭᠦᠯᠬᠦ ᠴᠤ᠋ ᠰᠢᠨ᠎ᠡ ᠵᠠᠭᠪᠤᠷ ᠮᠥᠨ᠂ ᠵᠢᠵᠢᠭ ᠲᠠᠷᠬᠠᠢ ᠡᠷᠦᠬᠡ ᠶᠢᠨ ᠠᠯᠠᠰᠢᠨ ᠦᠬᠡᠷ ᠲᠡᠵᠢᠭᠡᠬᠦ ᠵᠠᠭᠪᠤᠷ ᠤᠨ ᠬᠤᠭᠤᠰᠣᠨ ᠢ ᠨᠥᠬᠦᠪᠥᠷᠢᠯᠡᠪᠡ᠃ ᠲᠡᠵᠢᠭᠡᠪᠦᠷᠢ ᠶᠢᠨ ᠡᠷᠦᠬᠡ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ  ᠬᠢᠨ ᠠᠯᠠᠰᠢᠨ ᠦᠬᠡᠷ ᠢ ᠣᠷᠣᠭᠤᠯᠤᠨ ᠠᠪᠴᠢᠷᠠᠬᠤ᠂ ᠲᠡᠵᠢᠭᠡᠬᠦ ᠶᠠᠪᠤᠴᠠ ᠳᠠᠬᠢ ᠮᠡᠷᠭᠡᠵᠢᠯ ᠤᠨ ᠵᠢᠯᠣᠭᠤᠳᠤᠯᠭ᠎ᠠ ᠠᠴᠠ ᠠᠯᠠᠰᠢᠨ ᠦᠬᠡᠷ ᠣᠷᠣᠭᠤᠯᠤᠨ ᠠᠪᠴᠢᠷᠠᠭᠰᠠᠨ ᠤ ᠳᠠᠷᠠᠭᠠᠬᠢ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠬᠦᠷᠲᠡᠯ᠎ᠡ᠂ ᠴᠥᠮ ᠢᠳᠡᠪᠬᠢᠲᠡᠢ ᠦᠢᠯᠡᠳᠦᠯ ᠦᠵᠡᠭᠦᠯᠵᠦ ᠪᠠᠶᠢᠨ᠎ᠠ᠃ ᠲᠡᠵᠢᠭᠡᠪᠦᠷᠢ ᠶᠢᠨ ᠡᠷᠦᠬᠡ ᠲᠡᠵᠢᠭᠡᠬᠦ ᠶᠠᠪᠤᠴᠠ ᠳᠤ ᠶᠠᠮᠠᠷ ᠴᠤ ᠠᠰᠠᠭᠤᠳᠠᠯ ᠲᠤᠯᠭᠠᠷᠠᠪᠠᠯ ᠴᠥᠮ ᠥᠷᠲᠡᠭᠡᠨ ᠳᠤ ᠬᠦᠷᠴᠦ ᠰᠢᠢᠳᠪᠦᠷᠢᠯᠡᠬᠦ ᠲᠥᠰᠦᠯ ᠢ ᠰᠦᠪᠡᠭᠴᠢᠯᠡᠨ ᠭᠠᠷᠭᠠᠵᠤ᠂ ᠲᠡᠵᠢᠭᠡᠪᠦᠷᠢ ᠶᠢᠨ ᠡᠷᠦᠬᠡ ᠶᠢ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠲᠥᠯᠥᠭᠡ ᠶᠠᠭᠠᠬᠢᠭᠰᠠᠨ ᠴᠤ ᠣᠯᠠᠨ ᠭᠠᠵᠠᠷ ᠢᠶᠠᠷ ᠶᠠᠪᠣᠵᠤ ᠭᠦᠶᠦᠯᠭᠡᠬᠦ ᠦᠭᠡᠢ᠃︾ ᠭᠡᠵᠦ ᠵᠠᠷᠤᠳ ᠬᠤᠰᠢᠭᠤᠨ ᠤ ᠠᠵᠤ ᠦᠢᠯᠡᠳᠪᠦᠷᠢ ᠶᠢᠨ ᠮᠡᠳᠡᠭᠡ ᠵᠠᠩᠭᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠪᠦᠦ ᠰᠦᠸᠧ ᠱᠠᠨ ᠲᠠᠨᠢᠯᠴᠠᠭᠤᠯᠪᠠ᠃
d877c160cfeb5ba178f595705eaa451.jpg
    ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠨᠢ ᠥᠪᠡᠷᠲᠡᠭᠡᠨ ᠵᠠᠰᠠᠬᠤ ᠣᠷᠣᠨ ᠤ 12396 ᠰᠢᠨᠵᠢᠯᠡᠭᠡ ᠮᠡᠷᠭᠡᠵᠢᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠂ 9 ᠲᠤᠰᠬᠠᠢ ᠮᠡᠷᠭᠡᠵᠢᠯᠲᠡᠨ ᠤ ᠦᠷᠳᠡᠭᠡ᠂ 8 ︽ᠭᠤᠷᠪᠠᠨ ᠲᠣᠭᠤᠷᠢᠭ︾ ᠤᠨ ᠴᠢᠳᠠᠪᠤᠷᠢᠲᠠᠨ ᠬᠤᠯᠪᠣᠭᠠᠯᠠᠨ ᠬᠥᠳᠡᠯᠦᠯᠴᠡᠬᠦ᠂ 100 ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠠᠷᠢᠯᠴᠠᠨ ᠬᠥᠳᠡᠯᠦᠯᠴᠡᠬᠦ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠭᠠᠴᠠᠭ᠎ᠠ ᠲᠣᠰᠬᠤᠨ᠂ ᠲᠡᠵᠢᠭᠡᠪᠦᠷᠢ ᠶᠢᠨ ᠡᠷᠦᠬᠡ ᠶᠢᠨ ᠭᠡᠷ ᠲᠤ ᠭᠦᠨᠵᠡᠭᠡᠶᠢᠷᠡᠨ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠲᠡᠵᠢᠭᠡᠨ ᠠᠷᠠᠴᠢᠯᠠᠬᠤ ᠬᠠᠮᠢᠶᠠᠷᠤᠯᠲᠠ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠪᠣᠯᠪᠠᠰᠤᠷᠠᠭᠤᠯᠤᠨ ᠵᠢᠯᠣᠭᠤᠳᠬᠤ ᠵᠡᠷᠭᠡ ᠠᠵᠢᠯ ᠢ ᠥᠷᠨᠢᠭᠦᠯᠵᠦ᠂ ᠲᠡᠵᠢᠭᠡᠷᠪᠦᠢ ᠶᠢᠨ ᠡᠷᠦᠬᠡ ᠭᠡᠷ ᠲᠡᠭᠡᠨ ᠰᠠᠭᠤᠵᠤ ᠪᠠᠶᠢᠭᠠᠳ ᠴᠢᠨᠠᠷ ᠰᠠᠶᠢᠲᠠᠢ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠬᠦᠷᠲᠡᠪᠡ᠃ ᠣᠳᠣᠬᠠᠨ ᠪᠣᠯᠲᠠᠯ᠎ᠠ᠂ ᠨᠢᠭᠡᠨᠲᠡ ᠪᠣᠯᠪᠠᠰᠤᠷᠠᠯ ᠤᠨ ᠠᠩᠭᠢ ᠶᠢ ᠨᠡᠶᠢᠲᠡ 60 ᠬᠤᠭᠤᠴᠠᠭ᠎ᠠ ᠡᠷᠭᠢᠯᠡᠵᠦ᠂ ᠲᠡᠵᠢᠭᠡᠪᠦᠷᠢ ᠶᠢᠨ ᠡᠷᠦᠬᠡ ᠶᠢ 0.2 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠲᠥᠮᠡᠨ ᠬᠦᠮᠦᠰ ᠲᠤ ᠡᠯ᠎ᠡ ᠲᠥᠷᠥᠯ ᠤᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ 3.4 ᠲᠦᠮᠡ ᠭᠠᠷᠣᠢ ᠤᠳᠠᠭ᠎ᠠ ᠡᠷᠦᠬᠡ ᠳᠤ ᠣᠷᠣᠬᠤ᠂ ᠥᠷᠲᠡᠭᠡ ᠳᠤ ᠰᠠᠭᠤᠭ᠎ᠠ ᠣᠨᠣᠰᠢᠯᠠᠨ ᠵᠠᠰᠠᠬᠤ ᠦᠢᠯᠡᠴᠢᠯᠡᠭᠡ ᠬᠠᠩᠭᠠᠵᠤ᠂ 0.8 ᠲᠦᠮᠡ ᠭᠠᠷᠤᠶ ᠤᠳᠠᠭ᠎ᠠ ᠭᠠᠷ ᠬᠡᠬᠡᠯᠳᠦᠭᠦᠯᠭᠡ ᠬᠢᠪᠡ᠃    ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ ᠵᠠᠷᠤᠳ ᠬᠤᠰᠢᠭᠤ ᠪᠣᠯ ᠪᠥᠬᠦ ᠤᠯᠤᠰ ᠤᠨ ᠴᠢᠬᠤᠯᠠ ᠠᠮᠤ ᠪᠤᠳᠠᠭ᠎ᠠ ᠪᠠ ᠮᠠᠯ ᠠᠵᠤ ᠠᠬᠤᠶ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠬᠤ ᠪᠥᠭᠡᠳ ᠪᠠᠰᠠ ᠴᠤ ᠪᠥᠬᠦ ᠤᠯᠤᠰ ᠤᠨ ᠲᠠᠯ᠎ᠠ ᠨᠣᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ ᠲᠤᠷᠰᠢᠯᠲᠠ ᠶᠢᠨ ᠬᠤᠰᠢᠭᠤ ᠰᠢᠶᠠᠨ ᠤ ᠨᠢᠭᠡ ᠪᠣᠯᠤᠨ᠎ᠠ᠃ ᠠᠳᠡᠬᠢ ᠣᠯᠠᠨ ᠲᠦᠮᠡᠨ ᠤ ᠲᠡᠵᠢᠭᠡᠨ ᠦᠷᠡᠵᠢᠭᠦᠯᠬᠦ ᠰᠠᠭᠤᠷᠢ ᠨᠢ ᠪᠠᠲᠤ ᠪᠠᠬᠢ ᠪᠠᠶᠢᠵᠤ᠂ ᠥᠪᠡᠷᠮᠢᠴᠡ ᠣᠨᠴᠠᠯᠢᠭ ᠲᠠᠢ ᠲᠠᠯ᠎ᠠ ᠨᠤᠲᠤᠭ ᠤᠨ ᠮᠠᠯ ᠠᠵᠤ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠳᠠᠭ᠂ ᠭᠡᠪᠡᠴᠦ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠮᠥᠨ ᠬᠦ ᠡᠭᠦᠯᠳᠡᠷ ᠰᠠᠶᠢᠵᠢᠷᠠᠭᠤᠯᠬᠤ ᠲᠠᠯ᠎ᠠ ᠪᠠᠷ ᠪᠠᠭᠤᠷᠠᠶ᠂ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠬᠦ ᠲᠠᠯ᠎ᠠ ᠪᠠᠷ ᠬᠦᠷᠦᠯᠴᠡᠬᠦ ᠥᠬᠡᠶ᠂ ᠰᠠᠭᠤᠷᠢ ᠲᠥᠬᠦᠭᠡᠷᠦᠮᠵᠢ ᠬᠠᠷᠢᠴᠠᠩᠭᠤᠶ ᠬᠤᠴᠣᠷᠤᠩᠭᠤᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ᠂ ᠬᠥᠭᠵᠢᠯᠲᠡ ᠶᠢᠨ ᠪᠣᠭᠤᠮᠢ ᠶᠢ ᠬᠡᠷᠬᠢᠨ ᠡᠪᠳᠡᠵᠦ᠂ ᠡᠬᠢ ᠪᠠᠶᠠᠯᠢᠭ ᠤᠨ ︽ᠤᠨᠠᠭᠤᠯᠢ︾ ᠠᠴᠠ ᠮᠤᠯᠲᠤᠷᠠᠨ ᠭᠠᠷᠴᠤ᠂ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠰᠢᠨ᠎ᠡ ᠲᠤᠯᠬᠤ ᠴᠡᠭ ᠢ ᠣᠨᠣᠪᠴᠢᠲᠠᠶ ᠣᠯᠬᠤ ᠲᠠᠯ᠎ᠠ ᠪᠠᠷ ᠵᠠᠷᠤᠳ ᠬᠤᠰᠢᠭᠤ ᠲᠦᠢᠯ ᠢᠶᠠᠷ ᠬᠦᠰᠡᠵᠦ ᠪᠠᠶᠢᠨ᠎ᠠ᠃    ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠶᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠴᠢᠬᠤᠯᠠ ᠰᠢᠵᠢᠮ ᠪᠣᠯᠭᠠᠵᠤ᠂ ︽ᠶᠠᠭᠤ ᠳᠤᠲᠠᠪᠠᠯ ᠶᠠᠭᠤ ᠶᠢ ᠨᠢ ᠨᠥᠬᠦᠪᠥᠷᠢᠯᠡᠬᠦ︾ ᠵᠠᠷᠴᠢᠮ ᠶᠣᠰᠣᠭᠠᠷ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠦᠨᠳᠦᠰᠦ ᠪᠣᠯᠭᠠᠵᠤ᠂ ᠠᠯᠠᠰᠢᠨ ᠦᠬᠡᠷ ᠲᠡᠵᠢᠭᠡᠬᠦ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠬᠦ ᠢᠨᠵᠧᠨᠧᠷᠢᠩ ᠢ ᠠᠬᠢᠭᠤᠯᠵᠤ᠂ ᠪᠥᠬᠦ ᠬᠤᠰᠢᠭᠤᠨ ᠤ ᠦᠬᠡᠷ ᠲᠡᠵᠢᠭᠡᠬᠦ ︽ᠪᠠᠭ᠎ᠠ ᠬᠡᠪᠴᠢᠶᠡᠨ ᠤ᠂ ᠲᠣᠮᠣ ᠡᠩᠨᠡᠭᠡ︾ ᠶᠢᠨ ᠣᠳᠣᠬᠢ ᠪᠠᠶᠢᠳᠠᠯ ᠳᠤ ᠴᠢᠭᠯᠡᠭᠦᠯᠦᠨ᠂ ︽ᠦᠬᠡᠷ ᠢ ᠨᠠᠷᠢᠯᠢᠭ ᠲᠡᠵᠢᠭᠡᠬᠦ᠂ ᠰᠠᠶᠢᠨ ᠦᠬᠡᠷ ᠲᠡᠵᠢᠭᠡᠬᠦ︾ ᠶᠢ ᠤᠯᠠᠮ ᠨᠢᠭᠡ ᠠᠯᠬᠤᠮ ᠠᠬᠢᠭᠤᠯᠵᠤ᠂ ︽ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ︾ ᠶᠢᠨ ᠦᠨᠳᠦᠰᠦᠨ ᠱᠠᠲᠤᠨ ᠳᠤ ᠦᠷᠭᠦᠯᠵᠢᠯᠡᠬᠦᠶᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠨᠡᠶᠢᠲᠡ ᠲᠠᠢ ᠬᠠᠮᠲᠤᠷᠠᠯᠴᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠦᠪᠦᠷᠡᠯ ᠰᠢᠯᠵᠢᠭᠦᠯᠬᠦ ᠮᠡᠷᠭᠡᠵᠢᠯ ᠢ ᠵᠣᠬᠢᠰᠲᠠᠶ ᠳᠡᠯᠭᠡᠷᠡᠭᠦᠯᠵᠦ᠂ ᠦᠨᠳᠦᠷ ᠦᠷ᠎ᠡ ᠠᠰᠢᠭ ᠲᠠᠢ᠂ ᠳᠣᠣᠷ᠎ᠠ ᠦᠷᠲᠡᠭ ᠲᠠᠢ ᠬᠦᠪᠦᠷᠡᠯ ᠰᠢᠯᠵᠢᠭᠦᠯᠬᠦ ᠮᠡᠷᠭᠡᠵᠢᠯ ᠤᠨ ᠬᠡᠷᠡᠭᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠬᠦᠪᠦᠷᠡᠯ ᠰᠢᠯᠵᠢᠭᠦᠯᠬᠦ ᠮᠡᠷᠭᠡᠵᠢᠯ ᠤᠨ ᠠᠰᠢᠭᠯᠠᠯᠲᠠ ᠶᠢᠨ ᠵᠢᠱᠢᠶ᠎ᠡ ᠦᠵᠡᠭᠦᠯᠬᠦ ᠨᠡᠶᠢᠲᠡᠯᠢᠭ ᠴᠣᠭᠴᠠᠯᠠᠵᠤ᠂ ᠪᠥᠬᠦ ᠬᠤᠰᠢᠭᠤᠨ ᠤ ᠠᠯᠠᠰᠢᠨ ᠦᠬᠡᠷ ᠤᠨ ᠪᠦᠬᠦ ᠴᠣᠭᠴᠠ ᠶᠢᠨ ᠶᠠᠰᠤ ᠴᠢᠨᠠᠷ᠂ ᠮᠡᠷᠭᠡᠵᠢᠯ᠂ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号