︽ᠵᠠᠷᠤᠳ ᠬᠤᠰᠢᠭᠤᠨ ᠤ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠬᠢᠨᠠᠨ ᠬᠡᠮᠵᠢᠬᠦ ᠪᠠ ᠠᠵᠢᠯᠯᠠᠭᠠᠨ ᠢ ᠲᠣᠬᠢᠷᠠᠭᠤᠯᠬᠤ ᠠᠵᠢᠯ ᠤᠨ ᠲᠣᠭᠲᠠᠴᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/1/8
ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠡᠯ᠎ᠡ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠲᠥᠪ ᠣᠷᠣᠨ ᠬᠤᠲᠠ ᠶᠢᠨ ᠵᠠᠷᠤᠳ ᠳᠤ ᠰᠠᠭᠤᠭ᠎ᠠ ᠰᠢᠭᠤᠳ ᠬᠠᠷᠢᠶ᠎ᠠ ᠡᠯ᠎ᠡ ᠨᠢᠭᠡᠴᠡ᠄    ᠬᠤᠰᠢᠭᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠠᠷᠤᠳ ᠬᠤᠰᠢᠭᠤᠨ ᠤ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠬᠢᠨᠠᠨ ᠬᠡᠮᠵᠢᠬᠦ ᠪᠠ ᠠᠵᠢᠯᠯᠠᠭᠠᠨ ᠢ ᠲᠤᠬᠢᠷᠠᠭᠤᠯᠬᠤ ᠠᠵᠢᠯ ᠤᠨ ᠲᠣᠭᠲᠠᠴᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃                                                                  ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2024 ᠣᠨ ᠤ 10 ᠰᠠᠷ᠎ᠠ ᠶᠢᠨ 31 ᠤ ᠡᠳᠦᠷ    ᠵᠠᠷᠤᠳ ᠬᠤᠰᠢᠭᠤᠨ ᠤ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠬᠢᠨᠠᠨ ᠬᠡᠮᠵᠢᠬᠦ ᠪᠠ ᠠᠵᠢᠯᠯᠠᠭᠠᠨ ᠢ ᠲᠣᠬᠢᠷᠠᠭᠤᠯᠬᠤ ᠠᠵᠢᠯ ᠤᠨ ᠲᠣᠭᠲᠠᠴᠠ ︵ᠲᠤᠷᠰᠢᠨ ᠬᠡᠷᠡᠭᠵᠢᠭᠦᠯᠬᠦ︶       ᠪᠥᠬᠦ ᠬᠤᠰᠢᠭᠤᠨ ᠤ ᠭᠤᠤᠯ ᠪᠣᠯᠬᠤ ᠠᠵᠤ ᠠᠬᠤᠶ ᠶᠢᠨ ᠬᠦᠢᠴᠡᠳᠭᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠡᠵᠡᠮᠳᠡᠵᠦ᠂ ᠠᠵᠤ ᠠᠬᠤᠶ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠵᠦ᠂ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠵᠠᠷᠤᠳ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠲᠣᠰ ᠠᠵᠢᠯ ᠤᠨ ᠲᠣᠭᠲᠠᠴᠠ ᠶᠢ ᠲᠣᠭᠲᠠᠭᠠᠪᠠ᠃    ᠨᠢᠭᠡ᠂ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠠᠵᠢᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠬᠤ    ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠭᠦᠢᠴᠡᠳᠭᠡᠯ ᠲᠤᠭ᠎ᠠ ᠵᠢᠴᠢ ᠠᠵᠢᠯ ᠲᠥᠷᠥᠯ ᠤᠨ ᠰᠠᠭᠤᠷᠢ ᠭᠦᠢᠴᠡᠳᠭᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠶ ᠶᠢᠨ ᠬᠢᠨᠠᠨ ᠬᠡᠮᠵᠢᠯᠲᠡ ᠶᠢᠨ ᠭᠦᠢᠴᠡᠳᠭᠡᠯ ᠲᠤᠭ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠰᠢᠯᠢᠳᠡᠭᠵᠢᠭᠦᠯᠬᠦ ᠶᠢᠨ ᠲᠦᠯᠤᠭᠡ᠂ ᠵᠠᠷᠤᠳ ᠬᠤᠰᠢᠭᠤᠨ ᠤ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ︵GDP︶  ᠲᠠᠢ ᠬᠤᠯᠪᠣᠭᠳᠠᠭᠰᠠᠨ ᠲᠣᠭᠠᠴᠠᠭ᠎ᠠ ᠬᠢᠬᠦ 19 ᠲᠥᠷᠥᠯ ᠵᠢᠴᠢ 41  ᠵᠤᠶᠢᠯ ᠤᠨ ᠰᠠᠭᠤᠷᠢ ᠭᠦᠢᠴᠡᠳᠭᠡᠯ ᠲᠤᠭ᠎ᠠ ᠶᠢ ᠦᠨᠳᠤᠰᠤᠯᠡᠨ᠂ ᠠᠵᠢᠯ ᠤᠨ ᠬᠠᠷᠢᠭᠤᠴᠠᠯᠭ᠎ᠠ ᠪᠠᠨ ᠨᠠᠷᠢᠯᠢᠬᠵᠢᠭᠤᠯᠤᠨ ᠲᠣᠳᠣᠷᠬᠠᠶᠢᠯᠠᠵᠤ᠂ ᠭᠤᠤᠯᠳᠠᠯᠭ᠎ᠠ ᠲᠠᠢ ᠭᠦᠢᠴᠡᠳᠭᠡᠯ ᠲᠤᠭ᠎ᠠ ᠶᠢᠨ ᠠᠵᠢᠯᠯᠠᠭᠠᠨ ᠢ ᠵᠠᠳᠠᠯᠤᠨ ᠰᠤᠳᠤᠯᠵᠤ ᠮᠠᠭᠠᠳᠯᠠᠬᠤ ᠪᠠ ᠬᠢᠨᠠᠨ ᠬᠡᠮᠵᠢᠬᠦ ᠬᠠᠮᠢᠶᠠᠷᠤᠯᠲᠠ ᠪᠠᠨ ᠴᠠᠭ ᠲᠤᠬᠠᠶ ᠳᠤᠨᠢ ᠴᠢᠩᠭᠠᠳᠬᠠᠵᠤ᠂ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ ᠰᠢᠨᠵᠢᠯᠡᠬᠦ ᠤᠬᠠᠭᠠᠨᠴᠢ ᠴᠢᠨᠠᠷ᠂ ᠪᠦᠳᠤᠮᠵᠢᠳᠤ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠤᠯ ᠭᠦᠢᠴᠡᠳᠭᠡᠯ ᠲᠤᠭ᠎ᠠ ᠶᠢᠨ ᠬᠢᠨᠠᠨ ᠬᠡᠮᠵᠢᠯᠲᠡ ᠬᠢᠭᠡᠳ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠵᠢᠷᠤᠮᠵᠢᠯ ᠤᠨ ᠰᠢᠰᠲ᠋ᠧᠮ ᠢ ᠲᠦᠷᠭᠡᠪᠴᠢᠯᠡᠨ ᠪᠦᠷᠢᠯᠳᠦᠭᠦᠯᠦᠨ᠎ᠡ᠃ ᠬᠤᠰᠢᠭᠤᠨ ᠤ ᠰᠢᠭᠤᠳ ᠬᠠᠷᠢᠶ᠎ᠠ ᠬᠠᠷᠢᠭᠤᠴᠠᠯᠭᠠᠲᠤ ᠰᠠᠯᠠᠭ᠎ᠠ ᠮᠥᠴᠢᠷ ᠬᠢᠨ ︽ᠬᠡᠨ ᠭᠤᠤᠯᠯᠠᠨ ᠬᠠᠮᠢᠶᠠᠷᠪᠠᠯ᠂ ᠬᠡᠨ ᠬᠠᠷᠢᠭᠤᠴᠠᠬᠤ᠂ ᠬᠡᠨ ᠵᠣᠯᠭᠠᠭᠤᠯᠪᠠᠯ᠂ ᠬᠡᠨ ᠮᠥᠷᠳᠡᠬᠦ︾ ᠵᠠᠷᠴᠢᠮ ᠶᠣᠰᠣᠭᠠᠷ᠂ ᠠᠵᠢᠯ ᠲᠥᠷᠥᠯ ᠤᠨ ᠠᠵᠢᠯᠯᠠᠭᠠᠨ ᠤ ᠪᠠᠶᠢᠳᠠᠯ ᠤᠨ ᠡᠳᠦᠷ ᠲᠤᠲᠤᠮ ᠤᠨ ᠬᠢᠨᠠᠨ ᠬᠡᠮᠵᠢᠯᠲᠡ᠂ ᠬᠥᠳᠡᠯᠦᠩᠭᠦᠶ ᠮᠥᠷᠳᠡᠯᠲᠡ᠂ ᠠᠵᠢᠯ ᠤᠨ ᠲᠣᠬᠢᠷᠠᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠨᠡᠩ ᠢᠯᠠᠩᠭᠤᠶ᠎ᠠ ᠠᠵᠢᠯ ᠲᠥᠷᠥᠯ ᠤᠨ ᠬᠢᠨᠠᠨ ᠬᠡᠮᠵᠢᠯᠲᠡ᠂ ᠲᠤᠰᠬᠠᠶ ᠰᠡᠳᠦᠪᠲᠦ ᠲᠣᠬᠢᠷᠠᠭᠤᠯᠤᠯᠲᠠ ᠪᠠ ᠰᠠᠷ᠎ᠠ ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠬᠠᠷᠢᠭᠤᠴᠠᠯᠭᠠᠲᠤ ᠰᠠᠯᠠᠭ᠎ᠠ ᠮᠥᠴᠢᠷ ᠬᠢᠨ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠠᠵᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠪᠠ ᠠᠷᠭᠠᠴᠠᠭᠠᠬᠤ ᠠᠷᠭ᠎ᠠ ᠪᠣᠳᠣᠯᠭ᠎ᠠ ᠪᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃    ᠬᠤᠶᠠᠷ᠂ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠬᠤ ᠲᠣᠭᠲᠠᠴᠠ ᠶᠢ ᠪᠦᠷᠢᠨᠰᠢᠬᠦᠯᠬᠦ    ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠢ ᠲᠤᠬᠢᠷᠠᠭᠤᠯᠬᠤ ᠳᠤ ᠭᠤᠤᠯᠳᠠᠭᠤ ᠲᠤᠰᠬᠠᠶ ᠰᠡᠳᠦᠪ ᠢᠶᠠᠷ ᠳᠣᠭᠢᠷᠠᠭᠤᠯᠬᠤ᠂ ᠰᠠᠷ᠎ᠠ ᠪᠠᠷ ᠳᠣᠭᠢᠷᠠᠭᠤᠯᠬᠤ᠂ ᠤᠯᠠᠷᠢᠯ ᠢᠶᠠᠷ ᠳᠣᠭᠢᠷᠠᠭᠤᠯᠬᠤ ᠭᠡᠵᠦ ᠬᠤᠪᠢᠶᠠᠨ᠎ᠠ᠂ ᠬᠤᠰᠢᠭᠤᠨ ᠤ ᠱᠠᠲᠤᠨ ᠤ ᠤᠳᠤᠷᠢᠳᠤᠯᠭ᠎ᠠ ᠪᠤᠶᠤ ᠬᠠᠷᠢᠭᠤᠴᠠᠯᠭᠠᠲᠤ ᠰᠠᠯᠠᠭ᠎ᠠ ᠮᠥᠴᠢᠷ ᠠᠴᠠ ᠬᠠᠷᠢᠭᠤᠴᠠᠨ ᠴᠤᠭᠯᠠᠭᠤᠯᠤᠨ᠎ᠠ᠃    ︵ᠨᠢᠭᠡ︶ ᠲᠤᠰᠬᠠᠢ ᠰᠡᠳᠦᠪ ᠢᠶᠠᠷ ᠲᠤᠬᠢᠷᠠᠭᠤᠯᠤᠯᠳᠠ ᠬᠢᠬᠦ᠃ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠳᠠᠷᠤᠭ᠎ᠠ ᠪᠤᠶᠤ ᠬᠠᠷᠢᠭᠤᠴᠠᠯᠭᠠᠲᠤ ᠰᠠᠯᠠᠭ᠎ᠠ ᠮᠥᠴᠢᠷ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠲᠠᠯ᠎ᠠ ᠶᠢ ᠵᠣᠬᠢᠶᠠᠨ ᠪᠠᠶᠢᠭᠤᠯᠵᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠲᠣᠬᠢᠷᠠᠭᠤᠯᠬᠤ ᠬᠤᠷᠠᠯ ᠢ ᠰᠠᠷ᠎ᠠ ᠪᠦᠷᠢ ᠠᠳᠠᠭ ᠲᠠᠭᠠᠨ 1 ᠤᠳᠠᠭ᠎ᠠ ᠬᠢᠨ᠎ᠡ᠂ ᠭᠤᠤᠯᠳᠠᠭᠤ ᠶᠡᠷᠤᠩᠬᠡᠢ ᠠᠵᠤ ᠠᠬᠤᠢ ᠶᠢᠨ ᠬᠢᠨᠠᠨ ᠬᠡᠮᠵᠢᠯᠳᠡ ᠶᠢᠨ ᠭᠦᠢᠴᠡᠳᠭᠡᠯ ᠲᠤᠭ᠎ᠠ ᠶᠢᠨ ᠰᠢᠰᠲ᠋ᠧᠮ ᠤᠨ ᠠᠵᠢᠯ ᠤᠨ ᠬᠤᠪᠢᠶᠠᠷᠢᠯᠠᠯ ᠢ ᠦᠨᠳᠤᠰᠤᠯᠡᠨ᠂ ᠲᠤᠰ ᠰᠠᠷ᠎ᠠ ᠶᠢᠨ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠤᠶᠢᠯ ᠤᠨ ᠠᠵᠢᠯᠯᠠᠭᠠᠨ ᠤ ᠪᠠᠶᠢᠳᠠᠯ ᠳᠤ ᠴᠢᠭᠯᠡᠭᠦᠯᠦᠨ ᠵᠠᠳᠠᠯᠤᠯᠲᠠ ᠬᠢᠵᠦ᠂ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠨᠡᠮᠡᠭᠳᠡᠵᠦ ᠬᠠᠰᠤᠭᠳᠠᠬᠤ ᠳᠤ ᠬᠤᠯᠪᠤᠭᠳᠠᠬᠤ ᠬᠦᠴᠦᠨ ᠵᠤᠶᠢᠯ ᠢ ᠣᠨᠣᠪᠴᠢᠲᠠᠶ ᠡᠷᠢᠵᠦ᠂ ᠵᠠᠬ᠎ᠠ ᠳᠡᠯᠭᠡᠭᠦᠷ ᠤᠨ ᠬᠤᠪᠢᠷᠠᠯᠲᠠ᠂ ᠤᠶᠢᠯᠡᠳᠪᠤᠷᠢᠯᠡᠯ ᠭᠠᠷᠤᠯᠲᠠ ᠬᠠᠰᠤᠭᠳᠠᠬᠤ᠂ ᠦᠨ᠎ᠡ ᠬᠠᠩᠰᠢ ᠪᠠᠭᠤᠷᠠᠬᠤ᠂ ᠤᠶᠢᠯᠡᠳᠪᠤᠷᠢᠯᠡᠯ ᠠᠵᠢᠯ ᠢᠶᠠᠨ ᠵᠤᠭᠰᠤᠭᠠᠬᠤ᠂ ᠤᠶᠢᠯᠡᠳᠪᠤᠷᠢᠯᠡᠯ ᠪᠡᠯᠡ ᠤᠷᠤᠭᠤᠯᠤᠯᠳᠠ ᠪᠠᠨ ᠬᠤᠶᠢᠰᠢᠯᠠᠭᠤᠯᠬᠤ᠂ ᠬᠡᠪᠴᠢᠶᠡᠵᠢᠯ ᠳᠤ ᠤᠷᠤᠬᠤ ᠪᠠᠨ ᠬᠤᠶᠢᠰᠢᠯᠠᠭᠤᠯᠬᠤ᠂ ᠬᠥᠮᠥᠷᠭᠡ ᠠᠴᠠ ᠪᠤᠴᠠᠭᠠᠬᠤ ᠬᠦᠮᠤᠷᠭᠡ ᠳᠤ ᠡᠯᠬᠦᠬᠦ ᠵᠡᠷᠭᠡ ᠵᠠᠩᠭᠢᠯᠠᠭ᠎ᠠ ᠶᠢᠨ ᠪᠤᠭᠤᠮᠠᠢ ᠶᠢ ᠭᠦᠨᠵᠡᠭᠡᠶ ᠰᠤᠳᠤᠯᠤᠨ ᠮᠠᠭᠠᠳᠯᠠᠵᠤ᠂ ᠠᠵᠤ ᠠᠬᠤᠶ ᠶᠢᠨ ᠬᠦᠢᠴᠡᠳᠭᠡᠯ ᠲᠤᠭ᠎ᠠ ᠶᠢᠨ ᠪᠠᠭᠤᠷᠠᠬᠤ ᠬᠠᠨᠳᠤᠰᠢ ᠶᠢ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ᠂ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠪᠠᠭᠤᠷᠠᠭᠰᠠᠨ ᠰᠢᠯᠲᠠᠭᠠᠨ ᠢ ᠵᠠᠳᠠᠯᠤᠯᠳᠠ ᠬᠢᠭᠰᠡᠨ ᠨᠢ ᠡᠯ᠎ᠡ ᠠᠵᠢᠯ ᠲᠥᠷᠥᠯ᠂ ᠠᠵᠤ ᠠᠬᠤᠶᠢᠯᠠᠯ ᠪᠣᠯᠤᠨ ᠲᠥᠷᠥᠯ ᠵᠤᠶᠢᠯ ᠳᠤ ᠬᠦᠷᠬᠦ ᠬᠡᠷᠡᠭᠳᠠᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠡᠯ᠎ᠡ ᠲᠥᠷᠥᠯ ᠤᠨ ᠠᠰᠠᠭᠤᠳᠠᠯ ᠢ ᠬᠤᠷᠢᠶᠠᠩᠭᠤᠶᠢᠯᠠᠭᠠᠳ ︽ᠵᠠᠷᠤᠳ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠠᠰᠠᠭᠤᠳᠠᠯ ᠤᠨ ᠤᠷᠢᠳᠴᠢᠯᠠᠨ ᠰᠡᠷᠡᠮᠵᠢᠯᠡᠭᠦᠯᠬᠦ ᠨᠠᠷᠢᠨ ᠬᠠᠭᠤᠳᠠᠰᠤ︾ ᠶᠢ ᠠᠩᠬ᠎ᠠ ᠠᠯᠬᠤᠮ ᠪᠦᠷᠢᠯᠳᠦᠭᠦᠯᠬᠦ ᠶᠢᠨ ᠬᠠᠮᠲᠤ ︽ᠤᠷᠢᠳᠴᠢᠯᠠᠨ ᠰᠡᠷᠡᠮᠵᠢᠯᠡᠭᠦᠯᠬᠦ ᠨᠠᠷᠢᠨ ᠬᠠᠭᠤᠳᠠᠰᠤ︾ ᠶᠢᠨ ᠠᠰᠠᠭᠤᠳᠠᠯ ᠳᠤ ᠴᠢᠭᠯᠡᠭᠦᠯᠤᠨ ᠲᠤᠬᠢᠷᠠᠭᠤᠯᠤᠯᠳᠠ ᠬᠢᠨ᠎ᠡ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠬᠢᠨ ᠪᠤᠳᠠᠳᠠᠢ ᠠᠷᠭᠠᠴᠠᠭᠠᠬᠤ ᠠᠷᠭ᠎ᠠ ᠬᠡᠮᠵᠢᠶ᠎ᠡ ᠵᠢᠴᠢ ᠠᠵᠢᠯ ᠢᠶᠠᠨ ᠠᠬᠢᠭᠤᠯᠤᠭᠰᠠᠨ ᠪᠠᠶᠢᠳᠠᠯ ᠢᠶᠠᠨ ᠲᠤᠷᠠᠳᠴᠤ᠂ ᠤᠨᠴᠠ ᠶᠡᠭᠡ ᠠᠰᠠᠭᠤᠳᠠᠯ ᠬᠤᠯᠪᠤᠭᠳᠠᠪᠠᠯ ᠲᠠᠷᠤᠶᠢᠬᠠᠨ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠲᠡᠪᠰᠢᠭᠦᠯᠵᠦ ᠵᠤᠬᠢᠴᠠᠭᠤᠯᠤᠨ ᠰᠢᠢᠳᠪᠤᠷᠢᠯᠡᠬᠦ ᠬᠡᠷᠡᠭᠳᠠᠢ᠃ ᠪᠤᠰᠤᠳ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠴᠦ ᠠᠵᠢᠯ ᠲᠥᠷᠥᠯ ᠬᠤᠪᠢᠶᠠᠨ ᠲᠤᠬᠢᠷᠠᠭᠤᠯᠬᠤ ᠬᠡᠷᠡᠭᠳᠠᠢ᠂ ᠡᠭᠦᠨ ᠳᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠠᠬᠢᠭᠤᠯᠬᠤ ᠪᠠ ᠲᠣᠬᠢᠷᠠᠭᠤᠯᠬᠤ ᠬᠡᠷᠡᠭᠲᠡᠢ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠠᠬᠢᠭᠤᠯᠬᠤ ᠪᠠ ᠲᠣᠬᠢᠷᠠᠭᠤᠯᠬᠤ ᠬᠡᠷᠡᠭᠲᠡᠢ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠵᠢᠴᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ ᠠᠵᠢᠯᠯᠠᠭᠠᠨ ᠤ ᠪᠠᠶᠢᠳᠠᠯ ᠢ ᠪᠡᠯᠡ ᠣᠷᠣᠭᠤᠯᠤᠯᠲᠠ ᠶᠢ ᠠᠬᠢᠭᠤᠯᠬᠤ ᠰᠠᠯᠠᠭ᠎ᠠ ᠮᠥᠴᠢᠷ ᠠᠴᠠ ᠲᠦᠷᠦᠭᠦᠯᠡᠨ ᠠᠬᠢᠭᠤᠯᠬᠤ ᠪᠠ ᠲᠣᠬᠢᠷᠠᠭᠤᠯᠬᠤ ᠬᠡᠷᠡᠭᠲᠡᠢ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠦᠷᠦᠭᠦᠯᠡᠨ ᠠᠬᠢᠭᠤᠯᠬᠤ ᠪᠠ ᠲᠣᠬᠢᠷᠠᠭᠤᠯᠬᠤ ᠬᠡᠷᠡᠭᠲᠡᠢ᠃   ︵ᠬᠤᠶᠠᠷ︶ ᠰᠠᠷ᠎ᠠ ᠶᠢᠨ ᠲᠣᠬᠢᠷᠠᠭᠤᠯᠤᠯᠲᠠ ᠬᠢᠬᠦ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ ᠠᠴᠠ ᠰᠠᠷ᠎ᠠ ᠪᠦᠷᠢ ᠶᠢᠨ 10 ᠤ ᠨᠠᠭᠠᠭᠤᠷ ᠴᠠᠭᠠᠭᠤᠷ  ᠢᠶᠠᠷ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠷ᠎ᠡ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠵᠦ᠂ ᠵᠢᠱᠢᠭᠰᠡᠨ ᠬᠠᠷᠠᠯᠲᠠ ᠳᠤ ᠪᠠᠨ ᠬᠦᠷᠴᠤ ᠴᠢᠳᠠᠭᠰᠠᠨ ᠥᠬᠡᠶ ᠭᠤᠤᠯᠳᠠᠯᠭ᠎ᠠ ᠲᠠᠢ ᠬᠦᠢᠴᠡᠳᠭᠡᠯ ᠲᠤᠭ᠎ᠠ ᠳᠤ ᠭᠦᠨᠵᠡᠭᠡᠶ ᠵᠠᠳᠠᠯᠤᠯᠲᠠ ᠬᠢᠵᠦ᠂ ᠲᠣᠰ ᠰᠠᠷ᠎ᠠ ᠶᠢᠨ ᠬᠦᠢᠴᠡᠳᠭᠡᠯ ᠲᠤᠭ᠎ᠠ ᠲᠥᠯᠥᠪᠯᠡᠭᠡ ᠬᠠᠷᠠᠯᠲᠠ ᠪᠠᠨ ᠰᠤᠳᠤᠯᠤᠨ ᠮᠠᠭᠠᠳᠯᠠᠵᠤ ᠲᠥᠰᠦᠭᠡᠯᠡᠵᠦ᠂ ᠬᠦᠢᠴᠡᠳᠭᠡᠯ ᠲᠤᠭ᠎ᠠ ᠪᠦᠷᠢ ᠶᠢᠨ ᠨᠡᠮᠡᠭᠳᠡᠯ ᠢ ᠪᠡᠶᠡᠯᠡᠭᠦᠯᠬᠦ ᠪᠣᠳᠠᠲᠠᠶ ᠲᠤᠯᠭᠠᠭᠤᠷᠢᠯᠠᠯ ᠢ ᠲᠣᠳᠣᠷᠬᠠᠶ ᠪᠤᠯᠭᠠᠨ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠪᠠᠶᠢᠳᠠᠯ ᠢ ᠬᠤᠷᠢᠶᠠᠩᠭᠤᠶᠢᠯᠠᠭᠠᠳ ︽ᠠᠵᠤ ᠠᠬᠤᠶ ᠶᠢᠨ ᠬᠦᠢᠴᠡᠳᠭᠡᠯ ᠲᠤᠭ᠎ᠠ ᠶᠢᠨ ᠬᠥᠳᠡᠯᠦᠩᠭᠦᠶ ᠲᠣᠳᠣᠷᠬᠠᠶᠢᠯᠠᠯᠲᠠ︾ ᠶᠢ ᠪᠦᠷᠢᠯᠳᠦᠭᠦᠯᠵᠦ ᠵᠢᠴᠢ ᠲᠠᠷᠤᠮᠯᠠᠨ ᠲᠠᠷᠬᠠᠭᠠᠨ᠎ᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠪᠣᠳᠠᠲᠠᠶ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠶ᠃   ︵ᠭᠤᠷᠪᠠ︶ ᠤᠯᠠᠷᠢᠯ ᠤᠨ ᠲᠣᠬᠢᠷᠠᠭᠤᠯᠤᠯᠲᠠ ᠬᠢᠬᠦ᠃ ᠵᠢᠯ ᠪᠦᠷᠢ ᠶᠢᠨ 4᠂ 7᠂ 10 ᠰᠠᠷ᠎ᠠ ᠶᠢᠨ ᠳᠤᠮᠳᠠᠴᠢ ᠪᠠᠷ ᠬᠤᠰᠢᠭᠤᠨ ᠤ ᠵᠠᠰᠠᠭ ᠤᠨ ᠣᠷᠳᠣᠨ ᠠᠴᠠ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠳᠡᠭᠡᠷ᠎ᠡ ᠤᠯᠠᠷᠢᠯ ᠤᠨ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠶᠡᠷᠦᠩᠬᠡᠶ ᠪᠠᠶᠢᠳᠠᠯ ᠢ ᠮᠡᠳᠡᠭᠳᠡᠵᠦ᠂ ᠣᠳᠣᠬᠠᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠤᠳᠤᠯᠤᠨ ᠵᠠᠳᠠᠯᠵᠤ᠂ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠳᠣᠭᠢᠷᠠᠭᠤᠯᠤᠨ ᠪᠠᠶᠢᠷᠢᠯᠠᠭᠤᠯᠵᠤ᠂ ᠲᠠᠷᠠᠭᠠᠴᠢ ᠶᠢᠨ ᠱᠠᠲᠤᠨ ᠤ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠎ᠠ᠃   ᠭᠤᠷᠪᠠ᠂ ᠬᠡᠪᠴᠢᠶᠡᠵᠢᠯ ᠳᠤ ᠤᠷᠤᠬᠤ ᠤᠯᠤᠰ ᠤᠨ ᠲᠤᠭ᠎ᠠ ᠪᠦᠷᠢᠳᠭᠡᠯ ᠤᠨ ᠬᠠᠮᠢᠶᠠᠷᠤᠯᠳᠠ ᠶᠢᠨ ᠰᠢᠰᠲ᠋ᠧᠮ ᠳᠤ ᠤᠷᠤᠭᠤᠯᠬᠤ ᠲᠤᠭᠳᠠᠴᠠ ᠶᠢ ᠰᠢᠯᠢᠳᠡᠭᠵᠢᠭᠦᠯᠦᠨ᠎ᠡ   ᠬᠡᠪᠴᠢᠶᠡᠵᠢᠯ ᠳᠤ ᠤᠷᠤᠬᠤ ᠤᠯᠤᠰ ᠤᠨ ᠲᠤᠭ᠎ᠠ ᠪᠦᠷᠢᠳᠭᠡᠯ ᠤᠨ ᠬᠠᠮᠢᠶᠠᠷᠤᠯᠳᠠ ᠶᠢᠨ ᠰᠢᠰᠲ᠋ᠧᠮ ᠳᠤ ᠤᠷᠤᠭᠤᠯᠬᠤ ᠠᠵᠢᠯ ᠢ ᠠᠵᠤ ᠠᠬᠤᠶ ᠶᠢᠨ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ᠂ ᠲᠣᠭᠲᠠᠭᠤᠨ ᠤ ᠳᠤᠮᠳᠠ ᠰᠢᠯᠢᠳᠡᠭᠵᠢᠨ ᠳᠠᠪᠰᠢᠬᠤ ᠶᠢ ᠠᠬᠢᠭᠤᠯᠬᠤ ᠶᠢ ᠬᠡᠪᠰᠢᠭᠰᠡᠨ ᠠᠵᠢᠯ ᠪᠣᠯᠭᠠᠨ ᠠᠳᠬᠤᠵᠤ᠂ ︽ᠬᠡᠪᠴᠢᠶᠡᠵᠢᠭᠰᠡᠨ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ ᠶᠢ ᠠᠳᠬᠤᠬᠤ ᠂ ᠵᠠᠭᠠᠭ ᠳᠠᠭᠠᠤ ᠶᠢᠨ ᠠᠵᠤ ᠠᠬᠤᠶᠢᠯᠠᠯ ᠢ ᠪᠤᠶᠢᠵᠢᠭᠤᠯᠬᠤ ᠶᠢ ᠠᠳᠬᠤᠬᠤ᠂ ᠳᠤᠮᠳᠠ ᠵᠢᠵᠢᠭ ᠠᠵᠤ ᠠᠬᠤᠶᠢᠯᠠᠯ ᠤᠨ ᠪᠤᠶᠢᠵᠢᠯᠲᠠ ᠶᠢ ᠠᠬᠢᠭᠤᠯᠬᠤ︾ ᠶᠢ ᠪᠠᠷᠢᠮᠲᠠᠯᠠᠵᠤ᠂ ︽ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ ᠠᠵᠢᠯ ᠲᠥᠷᠥᠯ ᠤᠨ ᠰᠠᠯᠠᠭ᠎ᠠ ᠮᠥᠴᠢᠷ ᠲᠥᠷᠥᠯ ᠬᠤᠪᠢᠶᠠᠨ ᠪᠤᠶᠢᠵᠢᠭᠤᠯᠬᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ  ᠠᠴᠠ ᠤᠯᠤᠰ ᠤᠨ ᠲᠤᠭ᠎ᠠ ᠪᠦᠷᠢᠳᠭᠡᠯ ᠤᠨ ᠬᠠᠮᠢᠶᠠᠷᠤᠯᠳᠠ ᠶᠢᠨ ᠰᠢᠰᠲ᠋ᠧᠮ ᠳᠤ ᠤᠷᠤᠭᠤᠯᠬᠤ ᠠᠵᠢᠯ ᠢ ᠵᠢᠯᠣᠭᠤᠳᠬᠤ︾ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃   ︵ᠨᠢᠭᠡ︶ ᠨᠠᠷᠢᠯᠢᠭ ᠣᠨᠣᠪᠴᠢᠳᠡᠢ ᠪᠤᠶᠢᠵᠢᠭᠤᠯᠬᠤ ᠬᠦᠮᠦᠷᠭᠡ ᠶᠢ ᠪᠠᠶᠢᠭᠤᠯᠥᠨ᠎ᠠ᠃ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠬᠠᠩᠭᠠᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠭᠠᠶᠢᠯᠢ ᠲᠤᠰᠢᠶᠠᠭᠰᠠᠨ ᠲᠤᠭ᠎ᠠ ᠪᠠᠷᠢᠮᠲᠠ ᠶᠢᠨ ᠮᠠᠲ᠋ᠧᠷᠢᠶᠠᠯ ᠬᠠᠩᠭᠠᠵᠤ᠂ ᠠᠵᠢᠯ ᠲᠥᠷᠥᠯ ᠤᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠬᠠᠩᠭᠠᠵᠤ᠂ ᠠᠵᠢᠯ ᠲᠥᠷᠥᠯ ᠬᠤᠪᠢᠶᠠᠨ ᠳᠠᠯᠳᠠ ᠬᠦᠴᠦᠨ ᠲᠠᠢ ᠠᠵᠤ ᠠᠬᠤᠶᠢᠯᠠᠯ ᠢ ᠰᠣᠩᠭᠤᠨ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠢ ᠪᠤᠶᠢᠵᠢᠭᠤᠯᠬᠤ ᠬᠥᠮᠥᠷᠭᠡ ᠪᠠᠶᠢᠭᠤᠯᠵᠤ᠂ ᠳᠣᠲᠣᠭᠠᠳᠤ ᠶᠢᠨ ᠳᠠᠯᠳᠠ ᠬᠦᠴᠦᠨ ᠢᠶᠠᠨ ᠭᠦᠨ ᠠᠭᠤᠳᠠᠯᠵᠤ᠂ ᠦᠷᠭᠦᠯᠵᠢᠯᠡᠨ ᠮᠥᠷᠳᠡᠨ ᠬᠢᠨᠠᠨ ᠬᠡᠮᠵᠢᠵᠦ᠂ ᠨᠠᠷᠢᠯᠢᠭ ᠣᠨᠣᠴᠠᠲᠠᠶ ᠪᠠᠷ ᠪᠤᠶᠢᠵᠢᠭᠤᠯᠵᠤ᠂ ᠬᠠᠷᠠᠯᠲᠠ ᠲᠡᠰᠢ ᠪᠠᠨ ᠬᠦᠴᠦᠯᠡᠨ ᠴᠢᠷᠮᠠᠶᠢᠬᠤ ᠬᠡᠷᠡᠭᠲᠡᠶ᠃   ︵ᠬᠤᠶᠠᠷ᠂ ᠲᠥᠷᠥ ᠶᠢᠨ ᠪᠣᠳᠣᠯᠭ᠎ᠠ ᠶᠢ ᠲᠦᠬᠦᠷᠵᠢᠭᠦᠯᠬᠦ ᠬᠡᠮᠵᠢᠶ᠎ᠡ ᠪᠠᠨ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠲᠡᠭᠡᠭᠰᠢ ᠠᠵᠤ ᠠᠬᠤᠢ ᠶᠢ ᠪᠤᠶᠢᠵᠢᠭᠤᠯᠬᠤ ᠵᠢᠴᠢ ︽ᠬᠤᠪᠢ  ᠶᠢᠨ ᠡᠷᠤᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠪᠠᠭ᠎ᠠ ᠵᠢᠵᠢᠭ ᠠᠵᠤ ᠠᠬᠤᠶᠢᠯᠠᠯ ᠢ ᠬᠡᠪᠴᠢᠶᠡᠵᠢᠯ ᠤᠨ ᠠᠵᠤ ᠠᠬᠤᠶᠢᠯᠠᠯ ᠪᠤᠯᠭᠠᠬᠤ︾᠂ ︽ᠬᠤᠪᠢᠶᠠᠷᠢ ᠠᠵᠤ ᠠᠬᠤᠶᠢᠯᠠᠯ ᠢ ᠲᠤᠰᠠᠭᠠᠷ ᠡᠷᠭᠡ ᠮᠡᠳᠡᠬᠦ ᠬᠦᠤ ᠠᠵᠤ ᠠᠬᠤᠶᠢᠯᠠᠯ ᠪᠤᠯᠭᠠᠬᠤ︾ ︽ᠠᠵᠤ ᠦᠢᠯᠡᠳᠪᠦᠷᠢ ᠠᠷᠠᠯᠵᠢᠶ᠎ᠠ ᠶᠢ ᠰᠠᠯᠭᠠᠬᠤ︾ ᠵᠡᠷᠭᠡ ᠶᠢᠨ ᠲᠤᠭᠤᠷᠢᠨ ᠳᠤ ᠪᠣᠳᠠᠲᠠᠶ ᠶᠠᠪᠤᠭᠳᠠᠭᠤᠰᠢᠲᠠᠶ ᠤᠷᠮᠠᠰᠢᠭᠤᠯᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠠᠯᠲᠠᠲᠤ ᠪᠠᠶᠢᠭ᠎ᠠ ᠠᠵᠤ ᠠᠬᠤᠶᠢᠯᠠᠯ ᠢ ᠬᠠᠪᠰᠤᠷᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠷᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠳᠤ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃   ︵ᠭᠤᠷᠪᠠ︶ ᠪᠣᠯᠪᠠᠰᠤᠷᠠᠯ ᠤᠨ ᠬᠠᠨᠳᠤᠯᠭᠠᠳᠤ ᠴᠢᠨᠠᠷ ᠢ ᠲᠡᠭᠡᠭᠰᠢᠯᠡᠭᠦᠯᠤᠨ᠎ᠡ᠃ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠲᠤᠭ᠎ᠠ ᠪᠦᠷᠢᠳᠬᠡᠯ ᠢ ᠬᠠᠮᠢᠶᠠᠷᠬᠤ︾ ᠵᠠᠷᠴᠢᠮ ᠶᠣᠰᠣᠭᠠᠷ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠲᠣᠳᠣᠷᠬᠠᠶᠢᠯᠠᠵᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢ ᠪᠠᠶᠢᠩᠭᠤ ᠥᠷᠨᠢᠭᠦᠯᠵᠦ᠂ ᠦᠨᠳᠦᠰᠦᠨ ᠱᠠᠲᠤᠨ ᠤ ᠺᠠᠳ᠋ᠷ ᠪᠠ ᠭᠤᠤᠯᠳᠠᠯᠭ᠎ᠠ ᠲᠠᠢ ᠠᠵᠤ ᠠᠬᠤᠶᠢᠯᠠᠯ ᠳᠤ ᠤᠯᠤᠰ ᠤᠨ ᠲᠤᠭ᠎ᠠ ᠪᠦᠷᠢᠳᠭᠡᠯ ᠤᠨ ᠬᠠᠮᠢᠶᠠᠷᠤᠯᠳᠠ ᠶᠢᠨ ᠰᠢᠰᠲ᠋ᠧᠮ ᠳᠤ ᠤᠷᠤᠭᠤᠯᠬᠤ ᠠᠵᠢᠯ ᠤᠨ ᠲᠤᠰᠬᠠᠶ ᠪᠣᠯᠪᠠᠰᠤᠷᠠᠯ ᠢ ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠵᠤ᠂ ᠡᠯ᠎ᠡ ᠲᠥᠷᠥᠯ ᠤᠨ ᠤᠯᠠᠮᠵᠢᠯᠠᠬᠤ ᠲᠠᠪᠴᠠᠩ ᠪᠠ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠬᠡᠷᠡᠭᠯᠡᠨ᠂ ᠲᠡᠭᠦᠨ ᠤ ᠠᠴᠢ ᠬᠤᠯᠪᠣᠭᠳᠠᠯ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠬᠥᠮᠥᠷᠭᠡ ᠳᠤ ᠣᠷᠣᠭᠤᠯᠬᠤ ᠶᠠᠪᠤᠴᠠ ᠵᠡᠷᠭᠡ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠬᠥᠲᠥᠯᠥᠨ ᠵᠢᠯᠣᠭᠤᠳᠴᠤ᠂ ᠵᠠᠷᠤᠳ ᠬᠤᠰᠢᠭᠤᠨ ᠤ ᠬᠥᠭᠵᠢᠯᠲᠡ ᠳᠤ ᠪᠥᠬᠦ ᠲᠠᠯ᠎ᠠ ᠪᠠᠷ ᠬᠦᠴᠢᠷ ᠪᠡᠷᠬᠡᠰᠢᠶᠡᠯ ᠢ ᠰᠢᠪᠳᠤᠯᠤᠨ᠂ ᠴᠢᠨᠠᠷ ᠰᠠᠶᠢᠲᠠᠶ  ᠬᠦᠭᠵᠢᠯᠳᠡ ᠪᠠ ᠨᠡᠭᠡᠨ ᠬᠦᠢᠴᠡᠵᠦ ᠲᠠᠪᠠᠨ ᠭᠠᠷᠬᠤ ᠳᠤ ᠬᠦᠴᠦᠨ ᠴᠢᠳᠠᠯ ᠣᠯᠭᠤᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号