ᠵᠠᠷᠤᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠡᠯᠡ ᠮᠦᠩᠬᠦ ᠲᠡᠮᠡᠴᠡᠨ ᠣᠯᠵᠤ ᠲᠥᠷᠥᠯ ᠵᠦᠢᠯ ᠲᠣᠭᠲᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/2/10
       2 ᠰᠠᠷ᠎ᠠ ᠶᠢᠨ 8  ᠤ ᠡᠳᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠨ ᠪᠠᠯᠠ ᠮᠦᠩᠬᠦ ᠲᠡᠮᠡᠴᠡᠨ ᠣᠯᠵᠤ ᠲᠥᠷᠥᠯ ᠵᠦᠢᠯ ᠲᠣᠭᠲᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠪᠠ᠃ ᠬᠤᠷᠠᠯ ᠠᠴᠠ᠂ ᠪᠡᠯᠡ ᠮᠦᠩᠬᠦ ᠲᠡᠮᠡᠴᠡᠨ ᠣᠯᠵᠤ ᠲᠦᠷᠥᠯ ᠵᠦᠢᠯ ᠲᠣᠭᠲᠠᠭᠠᠬᠤ ᠪᠣᠯ ᠪᠦᠬᠦ ᠬᠤᠰᠢᠭᠤᠨ ᠤ ᠴᠢᠬᠤᠯᠠ ᠠᠵᠢᠯ ᠪᠣᠯᠤᠨ᠎ᠠ᠂《ᠲᠦᠷᠦᠯ ᠵᠦᠢᠯ ᠢᠶᠠᠷ ᠭᠤᠣᠯ ᠪᠣᠯᠭᠠᠵᠤ᠂  ᠬᠤᠳᠠᠯᠳᠣᠭᠠᠴᠢᠨ ᠤᠷᠢᠬᠤ ᠪᠠᠷ ᠴᠢᠬᠤᠯᠠ ᠪᠣᠯᠭᠠᠬᠤ》ᠤᠢᠢᠯᠠᠭᠠᠭᠳᠠᠬᠤᠨ ᠢ ᠭᠤᠶᠢᠪᠢᠰᠢ ᠦᠭᠡᠢ ᠪᠠᠷᠢᠮᠲᠠᠯᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂《 ᠬᠤᠳᠠᠯᠳᠣᠭᠠᠴᠢᠨ ᠤᠷᠢᠵᠤ ᠪᠡᠯᠡ ᠲᠠᠲᠠᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ》 ᠤ ᠠᠵᠢᠯᠯᠠᠭ᠎ᠠ ᠶᠢ ᠬᠦᠳᠦᠯᠦᠨ ᠵᠢᠯᠣᠭᠤᠳᠴᠤ ᠠᠬᠢᠭᠤᠯᠬᠤ ᠬᠡᠷᠡᠭᠲᠡᠢ᠃ ᠴᠠᠭ ᠮᠦᠴᠡ ᠪᠠ ᠣᠶᠤᠨ ᠴᠢᠳᠠᠯ ᠢᠶᠠᠨ ᠲᠥᠪᠯᠡᠷᠡᠭᠦᠯᠦᠨ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠳᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠬᠦ ᠴᠢᠭᠯᠡᠯ᠂ ᠭᠤᠤᠯᠳᠠᠯᠭ᠎ᠠ ᠪᠠ ᠬᠡᠪᠴᠢᠶ᠎ᠡ ᠶᠢ ᠣᠨᠣᠪᠴᠢᠲᠠᠶ ᠡᠵᠡᠮᠳᠡᠵᠦ᠂ ᠲᠥᠷᠥ ᠶᠢᠨ ᠪᠣᠳᠣᠯᠭ᠎ᠠ ᠶᠢᠨ ᠵᠠᠳᠠᠯᠤᠯᠲᠠ ᠪᠠ ᠲᠥᠷᠥᠯ ᠵᠦᠢᠯ ᠤᠨ ᠲᠥᠯᠥᠪᠵᠢᠭᠦᠯᠭᠡ ᠵᠡᠷᠭᠡ ᠲᠠᠯ᠎ᠠ ᠪᠠᠷ ᠲᠥᠷᠥᠯ ᠵᠦᠢᠯ ᠤᠨ ᠨᠢᠭᠡᠴᠡ ᠳᠤ ᠵᠢᠯᠣᠭᠤᠳᠣᠯᠭ᠎ᠠ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号