ᠠᠷᠤ ᠬᠥᠨᠳᠡᠯᠡᠨ ᠪᠠᠯᠭᠠᠰᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠢᠪᠳᠤᠯᠤᠯᠳᠠ ᠶᠢᠨ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠬᠤ ᠬᠤᠷᠠᠯ ᠬᠢᠪᠡ
ᠨᠡᠶᠢᠲᠡᠯᠡᠭᠰᠡᠨ ᠴᠠᠭ᠄
2025/2/12
     2 ᠰᠠᠷ᠎ᠠ ᠶᠢᠨ 10 ᠤ ᠡᠳᠦᠷ᠂ ᠠᠷᠤ ᠬᠥᠨᠳᠡᠯᠡᠨ ᠪᠠᠯᠭᠠᠰᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠢᠪᠳᠤᠯᠤᠯᠳᠠ ᠶᠢᠨ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠥᠷᠨᠢᠭᠦᠯᠪᠡ᠃ ᠬᠤᠷᠠᠯ ᠳᠡᠭᠡᠷ᠎ᠡ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠶ ᠠᠵᠢᠯᠯᠠᠭ᠎ᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠵᠠᠷᠤᠳ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠢᠪᠳᠤᠯᠤᠳᠠ ᠶᠢᠨ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ︾ ᠢ ᠨᠠᠷᠢᠨ ᠲᠠᠶᠢᠯᠪᠤᠷᠢᠯᠠᠪᠠ᠃ ᠬᠤᠷᠠᠯ ᠠᠴᠠ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠨᠠᠮ ᠤᠨ ᠡᠭᠦᠷ ᠤᠨ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠤ ᠬᠤᠪᠢ ᠳᠤ᠂ ᠡᠷᠬᠡᠪᠰᠢ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ︽ᠲᠦᠷᠦᠭᠦᠴᠢ ᠭᠠᠯᠠᠭᠤ ᠶᠢᠨ ᠦᠢᠯᠡᠳᠦᠯ︾ ᠢ ᠪᠦᠷᠢᠯᠳᠦᠭᠦᠯᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠨᠢᠭᠡᠪᠦᠷᠢ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃   
微信图片_20250212095958.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号