ᠱᠤᠤ ᠶᠠᠨ ᠵᠢᠶᠦ᠋ᠨ ᠯᠦᠪᠸᠢ ᠪᠠᠯᠭᠠᠰᠤᠨ ᠳᠤ ᠬᠦᠷᠴᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠬᠤ ᠶᠢᠨ ᠬᠠᠮᠲᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/2/14
              2 ᠰᠠᠷ᠎ᠠ ᠶᠢᠨ 11  ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠯᠦᠪᠸᠢ ᠪᠠᠯᠭᠠᠰᠤᠨ ᠳᠤ ᠪᠠᠶᠢᠴᠠᠭᠠᠨ ᠰᠤᠳᠣᠯᠵᠤ ᠵᠢᠭᠠᠨ ᠵᠢᠯᠣᠭᠤᠳᠬᠤ ᠶᠢᠨ ᠬᠠᠮᠲᠤ  ᠰᠠᠭᠤᠳᠠᠯ ᠤᠨ ᠬᠤᠷᠠᠯ ᠡᠷᠬᠢᠯᠡᠨ ᠬᠢᠪᠡ᠃ ᠬᠤᠰᠢᠭᠤᠨ ᠤ ᠤᠳᠤᠷᠢᠳᠤᠯᠭ᠎ᠠ ᠰᠦᠸᠧ ᠮᠢᠩ ᠢᠦᠢ᠂ ᠼᠦᠢ ᠯᠸᠢ ᠯᠸᠢ᠂ ᠭᠦᠸᠧ ᠶᠠ ᠹᠧᠩ᠂ ᠸᠠᠩ ᠾᠧ ᠬᠤᠷᠠᠯ ᠳᠤ ᠣᠷᠣᠯᠴᠠᠪᠠ᠃ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠯᠦᠪᠸᠢ ᠪᠠᠯᠭᠠᠰᠤᠨ ᠤ ᠨᠠᠮ ᠵᠠᠰᠠᠭ ᠤᠨ ᠪᠠᠭ ᠤᠨ ᠭᠡᠰᠢᠭᠦᠨ᠂ ᠬᠡᠰᠡᠭ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ  ᠣᠷᠣᠯᠴᠠᠪᠠ᠃     ᠬᠤᠷᠠᠯ ᠳᠡᠭᠡᠷ᠎ᠡ᠂ ᠯᠦᠪᠸᠢ ᠪᠠᠯᠭᠠᠰᠤᠨ ᠤ 2025 ᠣᠨ ᠤ ᠠᠵᠢᠯ ᠤᠨ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠯᠦᠪᠸᠢ ᠪᠠᠯᠭᠠᠰᠤᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠣᠭᠤᠷᠢᠨ ᠳᠤ ᠰᠠᠨᠠᠯ ᠰᠠᠨᠠᠭᠤᠯᠭ᠎ᠠ ᠪᠠᠨ ᠢᠯᠡᠳᠭᠡᠪᠡ᠃ ᠱᠣᠤ ᠶᠠᠨ ᠵᠢᠶᠦ᠋ᠨ ᠬᠡᠯᠡᠭᠰᠡᠨ ᠨᠢ᠂ ᠯᠦᠪᠸᠢ ᠪᠠᠯᠭᠠᠰᠤ ᠪᠣᠯ ᠪᠥᠬᠦ ᠬᠤᠰᠢᠭᠤᠨ ᠤ ᠤᠯᠤᠰ ᠲᠥᠷᠥ ᠠᠵᠤ ᠠᠬᠤᠶ ᠰᠣᠶᠣᠯ ᠤᠨ ᠲᠥᠪ ᠮᠥᠨ᠂ ᠪᠥᠬᠦ ᠪᠠᠯᠭᠠᠰᠤ ᠪᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠠᠵᠤ ᠦᠢᠯᠡᠰ ᠢ ᠤᠷᠢᠳ ᠢᠶᠠᠷ ᠬᠥᠭᠵᠢᠭᠦᠯᠬᠦ ᠰᠡᠳᠬᠢᠴᠡ ᠶᠢ ᠪᠠᠷᠢᠮᠲᠠᠯᠠᠵᠤ᠂   ᠬᠤᠰᠢᠭᠤᠨ ᠤ ᠲᠥᠪ ᠪᠠᠯᠭᠠᠰᠤᠨ ᠤ ᠤᠨᠴᠠᠯᠢᠭᠳᠤ ᠳᠠᠪᠠᠭᠤᠯᠢᠭ ᠲᠤ ᠰᠠᠭᠤᠷᠢᠯᠠᠨ᠂ ᠠᠯᠤᠰ ᠬᠡᠲᠦ ᠶᠢᠨ ᠬᠥᠭᠵᠢᠯᠲᠡ ᠶᠢ ᠪᠣᠳᠣᠯᠬᠢᠯᠠᠵᠤ᠂ ᠲᠥᠷᠥᠯ ᠵᠦᠢᠯ ᠢ ᠢᠳᠡᠪᠬᠢᠲᠡᠶ ᠲᠥᠰᠦᠪᠯᠡᠨ᠂ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠲᠡᠶ ᠭᠡᠪᠡ᠃     ᠱᠤᠤ ᠶᠠᠨ ᠵᠢᠶᠦ᠋ᠨ ᠢᠯᠡᠷᠬᠡᠶᠢᠯᠡᠬᠦ ᠳᠡᠭᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠭᠠᠴᠠᠭ᠎ᠠ ᠲᠣᠰᠬᠤᠨ ᠤ ᠬᠠᠮᠵᠢᠯᠴᠠᠨ ᠬᠥᠭᠵᠢᠬᠦ ᠶᠢ ᠵᠣᠷᠢᠭᠵᠢᠭᠤᠯᠤᠨ᠂ ᠣᠷᠣᠨ ᠪᠦᠰᠡ ᠶᠢᠨ ᠵᠠᠭᠠᠭ ᠢ ᠡᠪᠳᠡᠵᠦ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠰᠢᠩᠭᠡᠭᠡᠨ ᠠᠪᠬᠤ ᠲᠠᠷᠢᠶᠠᠯᠠᠩ ᠤᠨ ᠠᠵᠤ ᠦᠢᠯᠡᠰ᠂ ᠠᠯᠠᠰᠢᠨ ᠦᠬᠡᠷ ᠤᠨ ᠰᠡᠭᠦᠯᠴᠢ ᠶᠢᠨ ᠬᠤᠭᠤᠴᠠᠭᠠᠨ ᠤ ᠪᠣᠷᠳᠣᠬᠤ᠂ ᠰᠦ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠢ ᠪᠣᠶ ᠪᠣᠯᠭᠠᠨ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠲᠠᠷᠢᠶᠠᠴᠢᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠶ᠃ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠬᠥᠳᠡᠭᠡ ᠠᠵᠤ ᠠᠬᠤᠢ ᠲᠠᠢ ᠬᠤᠯᠪᠣᠭᠠᠯᠠᠨ ᠲᠠᠷᠢᠶᠠᠴᠢᠨ ᠢ ᠲᠠᠶᠢᠴᠢᠯᠠᠨ ᠲᠠᠷᠢᠶᠠᠴᠢᠨ ᠢ ᠪᠠᠶᠠᠵᠢᠭᠤᠯᠬᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠤᠯᠠᠨ ᠲᠠᠷᠢᠶᠠᠴᠢᠨ ᠲᠦᠮᠡᠨ ᠳᠤ ᠠᠵᠤ ᠦᠢᠯᠡᠰ ᠤᠨ ᠨᠡᠮᠡᠭᠳᠡᠯ ᠦᠷᠳᠡᠭ ᠤᠨ ᠠᠰᠢᠭ ᠣᠷᠣᠯᠭ᠎ᠠ ᠶᠢ ᠬᠤᠪᠢᠶᠠᠨ ᠡᠳ᠋ᠯᠡᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠭᠥᠩ ᠤᠨ ᠰᠠᠩ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢᠶᠠᠷ ᠭᠤᠣᠯ ᠪᠣᠯᠭᠠᠵᠤ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ ᠵᠡᠷᠭᠡ ᠠᠵᠤ ᠦᠢᠯᠡᠰ ᠯᠦᠭᠡ ᠬᠠᠷᠢᠯᠴᠠᠨ ᠤᠶᠠᠯᠳᠤᠭᠤᠯᠬᠤ ᠪᠠᠷ ᠳᠠᠮᠵᠢᠭᠤᠯᠤᠨ᠂ ᠠᠮᠢ ᠠᠬᠤᠶ ᠶᠢᠨ ᠲᠠᠷᠢᠶᠠᠯᠠᠩ ᠤᠨ ᠵᠢᠭᠤᠯᠴᠢᠯᠠᠯ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠵᠡᠷᠭᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠬᠡᠷᠡᠭᠲᠡᠶ ᠭᠡᠪᠡ᠃    ᠱᠤᠤ ᠶᠠᠨ ᠵᠢᠶᠦ᠋ᠨ ᠬᠡᠯᠡᠬᠦ ᠳᠡᠭᠡᠨ᠂ ᠨᠠᠮ ᠤᠨ ᠪᠠᠶᠢᠭᠤᠯᠤᠯᠲᠠ ᠪᠠᠷ ᠬᠦᠳᠦᠯᠤᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠣᠷᠵᠢᠯᠠᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠪᠠᠯᠭᠠᠰᠤᠨ ᠤ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃《 ᠭᠤᠷᠪᠠᠨ ᠬᠦᠷᠦᠩᠭᠡ 》 ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠦᠷᠢᠨ ᠲᠡᠭᠦᠯᠳᠡᠷ ᠬᠠᠮᠢᠶᠠᠷᠤᠯᠲᠠ ᠶᠢᠨ ᠳᠦᠷᠢᠮ ᠪᠠᠶᠢᠭᠤᠯᠵᠤ᠂ ᠬᠢᠨᠠᠨ ᠪᠠᠶᠢᠴᠠᠭᠠᠯᠲᠠ ᠪᠠᠨ ᠴᠢᠩᠭᠠᠳᠬᠠᠨ᠂ ᠬᠠᠮᠲᠤ ᠶᠢᠨ ᠡᠳ᠋ ᠬᠥᠷᠥᠩᠭᠡ ᠶᠢ ᠠᠯᠳᠠᠭᠳᠠᠭᠤᠯᠬᠤ ᠦᠭᠡᠶ᠂ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ᠂ ᠪᠡᠯᠡ ᠮᠥᠩᠭᠦ ᠶᠢ ᠵᠢᠷᠤᠮᠵᠢᠯ ᠲᠠᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃《 ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ》ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠰᠠᠬᠢᠵᠤ᠂ ᠣᠶ ᠰᠢᠭᠤᠶ ᠨᠤᠲᠤᠭ ᠪᠡᠯᠴᠢᠭᠡᠷ ᠢ  ᠰᠦᠢᠳᠭᠡᠬᠦ ᠵᠡᠷᠭᠡ ᠠᠮᠢ ᠠᠬᠤᠶ ᠣᠷᠴᠢᠨ ᠲᠣᠭᠤᠷᠢᠨ ᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠯᠪᠠᠷ ᠪᠤᠰᠤ ᠪᠠᠷ ᠢᠷᠡᠭᠰᠡᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号