ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠭᠤᠴᠢᠨ | ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ | 11 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ | ᠠᠬᠤᠶ ᠶᠢᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠠᠰᠤᠭ ᠠᠵᠢᠯᠲᠠᠳ ᠢᠶᠠᠨ ᠵᠣᠬᠢᠶᠠᠨ ᠪᠠᠶᠢᠭᠤᠯᠵᠤ᠂ ᠯᠦᠪᠸᠢ | ᠪᠠᠯᠭᠠᠰᠤᠨ ᠤ ᠡᠷᠬᠢᠨ ᠲᠣᠭᠤᠷᠢᠨ ᠳᠤ ᠭᠦᠨᠵᠡᠭᠡᠶᠢᠷᠡᠭᠦᠯᠦᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨ ᠪᠠᠭᠠᠵᠢ ᠶᠢ | ᠪᠠᠶᠢᠴᠠᠭᠠᠵᠤ ᠬᠢᠨᠠᠨ ᠰᠢᠯᠭᠠᠬᠤ ᠠᠵᠢᠯ ᠢ ᠥᠷᠨᠢᠭᠦᠯᠪᠡ᠃ | | | | | ᠬᠢᠨᠠᠨ ᠰᠢᠯᠭᠠᠬᠤ ᠶᠠᠪᠤᠴᠠ ᠳᠤ᠂ ᠠᠵᠢᠯᠲᠠᠳ ᠬᠠᠮᠢᠶ᠎ᠠ ᠪᠥᠬᠦᠶ ᠪᠠᠷᠢᠮᠵᠢᠶ᠎ᠠ ᠪᠠ ᠴᠤᠪᠤᠷᠠᠯ ᠢ ᠴᠢᠩᠭ᠎ᠠ ᠵᠢᠷᠤᠮᠯᠠᠨ | ᠂ ᠮᠠᠰᠢᠨ ᠪᠠᠭᠠᠵᠢ ᠶᠢᠨ ᠬᠡᠯᠪᠡᠷᠢ ᠨᠣᠮᠧᠷ᠂ ᠬᠥᠳᠡᠯᠭᠡᠭᠦᠷ ᠮᠠᠰᠢᠨ ᠤ ᠨᠣᠮᠧᠷ᠂ ᠲᠡᠷᠭᠡᠨ ᠵᠢᠶᠠᠰᠠ ᠶᠢᠨ ᠨᠣᠮᠧᠷ ᠵᠡᠷᠭᠡ | ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠨ ᠨᠢᠮᠪᠠᠶ ᠬᠠᠷᠭᠤᠭᠤᠯᠵᠤ᠂ ᠮᠡᠳᠡᠭᠦᠯᠦᠭᠰᠡᠨ ᠮᠠᠲ᠋ᠧᠷᠢᠶᠠᠯ ᠯᠤᠭ᠎ᠠ | ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠮᠠᠰᠢᠨ ᠪᠠᠭᠠᠵᠢ ᠶᠢᠨ ᠪᠦᠬᠦᠯᠢ ᠴᠣᠭᠴᠠ ᠶᠢᠨ | ᠪᠠᠶᠢᠳᠠᠯ᠂ ᠭᠤᠤᠯ ᠪᠣᠯᠬᠤ ᠤᠭᠰᠠᠷᠠᠭ᠎ᠠ ᠲᠣᠨᠤᠭ ᠤᠨ ᠡᠪᠳᠡᠷᠡᠵᠦ ᠬᠤᠬᠢᠷᠠᠭᠰᠠᠨ ᠬᠡᠮᠵᠢᠶ᠎ᠡ ᠶᠢ ᠪᠦᠬᠦ ᠲᠠᠯ᠎ᠠ ᠪᠠᠷ | ᠪᠠᠶᠢᠴᠠᠭᠠᠵᠤ᠂ ᠭᠡᠷᠡᠯ ᠵᠢᠷᠤᠭ ᠠᠪᠴᠤ ᠦᠯᠡᠳᠡᠭᠡᠨ ᠬᠠᠳᠠᠭᠠᠯᠠᠬᠤ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ | ᠨᠠᠷᠢᠨ ᠲᠡᠮᠳᠡᠭᠯᠡᠪᠡ᠃ ᠠᠵᠢᠯᠲᠠᠳ ᠲᠤᠬᠠᠢ ᠶᠢᠨ ᠲᠠᠯᠠᠪᠤᠷ ᠲᠤ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ | ᠨᠡᠶᠢᠴᠡᠬᠦ ᠮᠠᠰᠢᠨ ᠪᠠᠭᠠᠵᠢ ᠶᠢᠨ ᠡᠵᠡᠨ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠦᠷᠭᠦᠯᠵᠢᠯᠡᠨ | ᠰᠢᠢᠳᠪᠦᠷᠢᠯᠡᠬᠦ ᠶᠠᠪᠤᠴᠠ ᠶᠢ ᠮᠡᠳᠡᠭᠳᠡᠪᠡ︔ ᠮᠠᠲ᠋ᠧᠷᠢᠶᠠᠯ ᠨᠢ ᠪᠦᠷᠢᠨ ᠪᠤᠰᠤ ᠪᠤᠶᠤ ᠮᠠᠳᠠᠭ ᠲᠠᠢ ᠪᠠᠶᠢᠳᠠᠯ ᠤᠷᠤᠰᠢᠵᠦ | ᠪᠠᠶᠢᠭ᠎ᠠ ᠮᠠᠰᠢᠨ ᠤ ᠡᠵᠡᠨ ᠳᠤ ᠬᠦᠯᠢᠴᠡᠩᠭᠦᠢ ᠪᠠᠷ ᠲᠠᠶᠢᠯᠪᠤᠷᠢᠯᠠᠨ ᠲᠣᠳᠣᠷᠬᠠᠶᠢᠯᠠᠵᠤ᠂ ᠨᠥᠬᠦᠪᠥᠷᠢᠯᠡᠨ | ᠲᠡᠭᠦᠯᠳᠡᠷᠵᠢᠭᠦᠯᠬᠦ ᠪᠠᠷ ᠱᠠᠭᠠᠷᠳᠠᠪᠠ᠃ | ᠲᠣᠰ ᠤᠳᠠᠭ᠎ᠠ ᠶᠢᠨ ᠬᠥᠳᠡᠭᠡ ᠪᠠᠭᠤᠵᠤ ᠬᠢᠨᠠᠨ ᠰᠢᠯᠭᠠᠭᠰᠠᠨ ᠠᠵᠢᠯ ᠢᠶᠠᠷ ᠲᠠᠮᠵᠢᠨ᠂ ᠲᠣᠰ ᠭᠠᠵᠠᠷ | ᠣᠷᠣᠨ ᠤ ᠬᠡᠷᠡᠭᠯᠡᠭᠡᠨ ᠠᠴᠠ ᠭᠠᠷᠭᠠᠬᠤ ᠮᠠᠰᠢᠨ ᠪᠠᠭᠠᠵᠢ ᠶᠢᠨ ᠪᠣᠳᠠᠲᠠᠶ ᠪᠠᠶᠢᠳᠠᠯ ᠢ ᠪᠦᠲᠦᠮᠵᠢᠲᠡᠶ ᠪᠠᠷ ᠡᠵᠡᠮᠰᠢᠵᠦ᠂ | ᠲᠠᠷᠢᠶᠠᠯᠠᠩ ᠤᠨ ᠮᠠᠰᠢᠨ ᠤ ᠬᠡᠷᠡᠭᠯᠡᠭᠡᠨ ᠠᠴᠠ ᠭᠠᠷᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ᠂ | ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠪᠠ ᠵᠢᠯᠣᠭᠤᠳᠬᠤ ᠦᠢᠯᠡᠴᠢᠯᠡᠭᠡ ᠶᠢ ᠴᠢᠩᠭᠠᠳᠬᠠᠨ᠂ ᠲᠠᠷᠢᠶᠠᠯᠠᠩ ᠤᠨ ᠮᠠᠰᠢᠨ ᠤ ᠬᠡᠷᠡᠭᠯᠡᠭᠡᠨ ᠠᠴᠠ ᠭᠠᠷᠭᠠᠬᠤ | ᠰᠢᠨᠡᠴᠢᠯᠡᠯᠲᠡ ᠶᠢᠨ ᠠᠵᠢᠯ ᠢ ᠤᠷᠤᠭᠰᠢᠲᠠᠶ ᠠᠬᠢᠭᠤᠯᠬᠤ ᠶᠢ ᠪᠠᠲᠤᠯᠠᠵᠤ᠂ ᠥᠷᠭᠡᠨ ᠣᠯᠠᠨ ᠲᠠᠷᠢᠶᠠᠴᠢᠨ ᠲᠦᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ |