ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 101 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2025/2/14
    2 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 101 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠪᠠ᠃ ᠡᠦ ᠴᠢᠩ ᠬᠠᠢ᠂ ᠯᠢᠦ ᠶᠦᠩ ᠵᠡᠷᠭᠡ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃     
sufhqEbh_1739433303739.jpg
     ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠲᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠵᠦ ᠪᠠᠶᠢᠭ᠎ᠠ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠡᠰᠡᠭ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠣᠷᠣᠨ ᠤ ᠰᠢᠭᠤᠳ ᠬᠠᠷᠢᠶ᠎ᠠ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠲᠤᠬᠠᠶ ᠲᠤᠰᠬᠠᠢ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠵᠠᠷᠯᠠᠯ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ︽ᠠᠶᠤᠯᠭᠦᠶ ᠤᠶᠢᠯᠡᠳᠪᠤᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠷᠭ᠎ᠠ︾ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠠᠵᠢᠯ ᠤᠨ ᠮᠡᠳᠡᠭᠦᠯᠦᠯᠲᠡ︾ ᠶᠢ ᠰᠤᠳᠤᠯᠤᠨ ᠬᠢᠨᠠᠨ ᠵᠥᠪᠯᠡᠪᠡ︔ ᠪᠥᠬᠦ ᠬᠤᠰᠢᠭᠤᠨ ᠤ ︽ᠬᠤᠶᠠᠷ ᠬᠤᠷᠠᠯ︾ ᠤᠨ ᠪᠡᠯᠡᠳᠬᠡᠯ ᠠᠵᠢᠯ ᠤᠨ  ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠰᠤᠳᠤᠯᠤᠨ ᠶᠠᠷᠢᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠶ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠤᠨ ᠲᠦᠷᠭᠡᠳᠭᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠨᠠᠷ ᠰᠠᠶᠢᠲᠠᠶ ᠲᠠᠪᠠᠨ ᠨᠡᠭᠡᠬᠦ ᠠᠯᠬᠤᠴᠠ ᠪᠠᠨ ᠲᠦᠷᠭᠡᠳᠬᠡᠨ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠳᠦᠷᠰᠦ ᠪᠠᠶᠢᠳᠠᠯ ᠢᠶᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠪᠡ᠃     ᠬᠤᠷᠠᠯ ᠠᠴᠠ᠂ ᠲᠦᠩᠯᠢᠶᠣᠤ ᠬᠤᠳᠠ ᠶᠢᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠬᠢᠨᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠰᠤᠷᠲᠠᠯ ᠢ ᠴᠢᠩᠳᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠱᠠᠭᠠᠷᠳᠠᠭᠰᠠᠨ ᠨᠢ᠂ ︽ᠠᠮᠤᠷ ᠲᠦᠪᠰᠢᠨ ᠢ ᠠᠳᠬᠤᠬᠤ ᠪᠣᠯ ᠳᠠᠷᠤᠢ ᠬᠥᠭᠵᠢᠯᠲᠡ ᠶᠢ ᠡᠷᠢᠯᠬᠢᠯᠡᠬᠦ᠂ ᠠᠮᠤᠷ ᠲᠦᠪᠰᠢᠨ ᠢ ᠪᠠᠲᠤᠯᠠᠬᠤ ᠪᠣᠯ ᠳᠠᠷᠤᠢ ᠬᠥᠭᠵᠢᠯᠲᠡ ᠶᠢ ᠠᠬᠢᠭᠤᠯᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠣᠭᠤᠮᠲᠠ ᠶᠢ ᠤᠷᠤᠭᠰᠢ ᠰᠢᠯᠵᠢᠭᠦᠯᠵᠦ᠂ ᠦᠢᠯᠡᠳᠪᠦᠷᠢ ᠠᠭᠤᠷᠬᠠᠢ᠂ ᠠᠷᠠᠯᠵᠢᠶ᠎ᠠ ᠬᠤᠳᠠᠯᠳᠤᠭ᠎ᠠ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠬᠤᠳᠠᠯᠳᠤᠭ᠎ᠠ ᠬᠡᠳᠦ ᠳᠡᠯᠭᠡᠭᠦᠷ᠂ ᠰᠤᠷᠭᠠᠭᠤᠯᠢ ᠶᠢᠨ ᠬᠦᠷᠢᠶ᠎ᠡ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠢ ᠴᠢᠩᠭ᠎ᠠ ᠠᠩᠬᠠᠷᠴᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠬᠠᠮᠢᠶᠠᠷᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠱᠠᠲᠤᠨ ᠳᠤ ᠪᠦᠬᠦ ᠬᠦᠴᠦᠨ ᠢᠶᠠᠷ ᠢᠶᠠᠨ ᠠᠷᠢᠯᠭᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠬᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠥᠨᠳᠥᠷ ᠲᠦᠪᠰᠢᠨ ᠪᠥᠬᠦᠶ ᠠᠮᠤᠷ ᠲᠦᠪᠰᠢᠨ ᠢᠶᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠤᠳᠠᠯ ᠥᠬᠡᠶ ᠬᠤᠷᠠᠯᠳᠤᠬᠤ ᠭᠡᠵᠦ ᠪᠠᠶᠢᠭ᠎ᠠ ᠪᠥᠬᠦ ᠬᠤᠰᠢᠭᠤᠨ ᠤ ︽ᠬᠤᠶᠠᠷ ᠬᠤᠷᠠᠯ︾ ᠪᠣᠯ ᠪᠥᠬᠦ ᠬᠤᠰᠢᠭᠤᠨ ᠤ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠶᠡᠭᠡ ᠶᠠᠪᠤᠳᠠᠯ ᠮᠥᠨ᠃ ︽ᠬᠤᠶᠠᠷ ᠬᠤᠷᠠᠯ︾ ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠬᠢᠵᠦ ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠥᠷᠭᠡᠨ ᠣᠯᠠᠨ ᠲᠥᠯᠥᠭᠡᠯᠡᠭᠴᠢ᠂ ᠭᠡᠰᠢᠭᠦᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠬᠥᠲᠥᠯᠦᠨ ᠵᠢᠯᠣᠭᠤᠳᠴᠤ᠂ ᠪᠥᠬᠦ ᠬᠤᠰᠢᠭᠤᠨ ᠤ ︽ᠬᠤᠶᠠᠷ ᠬᠤᠷᠠᠯ︾ ᠤᠨ ᠴᠢᠨᠠᠷ ᠰᠠᠶᠢᠲᠠᠶ᠂ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号