ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ 2024 ᠣᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/2/27
    2 ᠰᠠᠷ᠎ᠠ ᠶᠢᠨ 24 ᠤ ᠡᠳᠦᠷ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ 2024 ᠣᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ ᠮᠦ ᠲᠢᠶᠧ ᠮᠢᠨ᠂ ᠼᠦᠢ ᠯᠧᠢ ᠯᠸᠢ᠂ ᠢᠦᠢ ᠬᠠᠢ ᠪᠦᠦ᠂ ᠬᠤᠤ ᠵᠢᠶᠠᠨ ᠬᠤᠸᠠ᠂ ᠱᠠᠨ ᠬᠤᠸᠠ ᠴᠢ᠂ ᠵᠠᠩ ᠯᠢ ᠭᠦᠸᠧ᠂ ᠸᠠᠩ ᠾᠧ ᠬᠤᠷᠠᠯ ᠳᠤ ᠣᠷᠣᠯᠴᠠᠵᠤ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃    ᠬᠤᠷᠠᠯ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ᠂ ᠪᠠᠲᠤᠯᠠᠭ᠎ᠠ ᠶᠢᠨ ᠤᠷᠮᠠᠰᠢᠭᠤᠯᠬᠤ ᠤᠶᠢᠯᠡᠳᠤᠯ ᠢ ᠶᠡᠷᠦᠩᠬᠡᠶᠢᠯᠡᠨ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︿ᠵᠢᠷᠭᠤᠭᠠᠨ ᠢᠨᠵᠧᠨᠧᠷᠢᠩ﹀ ᠢ ᠲᠦᠷᠭᠡᠳᠬᠡᠨ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠩᠯᠢᠶᠣᠤ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠪᠣᠯᠤᠨ ᠬᠤᠪᠢ ᠬᠥᠮᠦᠨ ᠤ ᠦᠵᠡᠯ ᠰᠠᠨᠠᠭ᠎ᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠪᠥᠬᠦ ᠲᠠᠯ᠎ᠠ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃    ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠲᠣᠰ ᠤᠳᠠᠭᠠᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ ᠡᠮᠦᠨ᠎ᠡ᠂ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠥᠷᠭᠡᠨ ᠢᠶᠠᠷ ᠰᠠᠨᠠᠯ ᠬᠤᠷᠢᠶᠠᠵᠤ᠂ ᠰᠡᠳᠬᠢᠯ ᠤᠨ ᠦᠭᠡ ᠪᠠᠨ ᠦᠨᠡᠨᠴᠢ ᠪᠠᠷ ᠭᠦᠨᠵᠡᠭᠡᠢ ᠶᠠᠷᠢᠯᠴᠠᠵᠦ᠂ ᠭᠦᠨᠵᠡᠭᠡᠢ ᠬᠠᠷᠢᠴᠠᠭᠤᠯᠤᠨ ᠪᠠᠶᠢᠴᠠᠭᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ ᠪᠢᠴᠢᠵᠦ᠂ ᠠᠷᠠᠳᠴᠢᠯᠠᠯᠳᠤ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠬᠤᠷᠠᠯ ᠳᠡᠭᠡᠷ᠎ᠡ᠂ 2023 ᠣᠨ ᠤ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠰᠡᠳᠦᠪᠲᠦ ᠬᠥᠮᠦᠵᠢᠯ ᠤᠨ ᠲᠤᠬᠠᠢ ᠲᠤᠰᠬᠠᠶ  ᠠᠷᠠᠳᠴᠢᠯᠠᠯᠳᠤ ᠠᠮᠢᠳᠤᠷᠠᠯ ᠤᠨ ᠬᠤᠷᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭᠠᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠪᠠᠲᠤ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠪᠥᠭᠡᠳ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠭᠰᠠᠨ ᠶᠠᠷᠢᠶ᠎ᠠ ᠲᠠᠯᠪᠢᠪᠠ᠃ ᠲᠠᠷᠠᠭ᠎ᠠ ᠨᠢ ᠤᠳᠤᠷᠢᠳᠬᠤ ᠪᠠᠭ ᠤᠨ ᠪᠤᠰᠤᠳ ᠭᠡᠰᠢᠭᠦᠳ ᠨᠢᠭᠡᠳ ᠨᠢᠭᠡ ᠪᠠᠷ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃    ᠪᠠᠲᠤ ᠳ᠋ᠦᠩᠨᠡᠯᠲᠡ ᠶᠢᠨ ᠶᠠᠷᠢᠶᠠᠨ ᠳᠠᠭᠠᠨ᠂ ᠬᠠᠮᠲᠤ ᠶᠢᠨ ᠴᠢᠷᠮᠠᠶᠢᠯᠭ᠎ᠠ ᠪᠠᠷ᠂ ᠲᠤᠰ ᠤᠳᠠᠭ᠎ᠠ ᠶᠢᠨ ᠠᠷᠠᠳᠴᠢᠯᠠᠯᠳᠤ ᠠᠮᠢᠳᠤᠷᠠᠯ ᠤᠨ ᠬᠤᠷᠠᠯ ᠵᠢᠱᠢᠭᠰᠡᠨ ᠦᠷ᠎ᠡ ᠪᠦᠲᠦᠮᠵᠢ ᠣᠯᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠴᠢᠭᠯᠡᠯ ᠢᠶᠠᠨ ᠲᠣᠳᠣᠷᠬᠠᠶᠢᠯᠠᠬᠤ᠂ ᠬᠦᠴᠦᠨ ᠴᠢᠳᠠᠯ ᠢᠶᠠᠨ ᠨᠢᠭᠲᠠᠷᠠᠭᠤᠯᠬᠤ ᠵᠣᠷᠢᠯᠭ᠎ᠠ ᠳᠠᠭᠠᠨ ᠬᠦᠷᠴᠡᠢ᠃ ᠤᠯᠠᠨ ᠢᠶᠠᠷ ᠢᠶᠠᠨ ᠲᠤᠰ ᠤᠳᠠᠭ᠎ᠠ ᠶᠢᠨ ᠠᠷᠠᠳᠴᠢᠯᠠᠯᠳᠤ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠤᠨᠤᠯ ᠤᠨ ᠰᠤᠷᠤᠯᠴᠠᠯᠭ᠎ᠠ ᠪᠠᠨ ᠦᠨᠡᠨ ᠬᠦ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠰᠤᠷᠤᠯᠴᠠᠯᠭ᠎ᠠ ᠶᠢᠨ ᠤᠬᠠᠮᠰᠠᠷᠲᠤ ᠴᠢᠨᠠᠷ᠂ ᠲᠤᠯᠭᠠᠮ᠎ᠠ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠶᠡᠷᠦᠩᠬᠡᠢ ᠱᠦᠵᠢ ᠶᠢᠨ ᠬᠠᠮᠤᠭ ᠤᠨ ᠰᠢᠨ᠎ᠡ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠮᠥᠷᠳᠡᠨ ᠰᠤᠷᠤᠯᠴᠠᠵᠤ᠂ ᠡᠷᠡᠰ ᠪᠠᠲᠤ ᠢᠲᠡᠭᠡᠯ ᠵᠣᠷᠢᠭ ᠢ ᠰᠤᠷᠤᠯᠴᠠᠵᠦ᠂ ᠡᠭᠦᠷᠭᠡ ᠬᠠᠷᠢᠭᠤᠴᠠᠯᠭ᠎ᠠ ᠪᠠᠨ  ᠦᠨᠡᠨ ᠬᠦ ᠴᠢᠩᠭᠠᠳᠬᠠᠬᠤ ᠬᠡᠷᠡᠭᠲᠡᠢ ᠭᠡᠪᠡ᠃    ᠪᠠᠲᠤ ᠬᠡᠯᠡᠭᠰᠡᠨ ᠨᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨᠬᠦ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ  ᠢᠶᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠵᠦᠢᠯ ᠤᠨ ᠠᠵᠢᠯ ᠤᠨ ᠳᠤᠮᠳᠠ ᠭᠦᠨᠵᠡᠭᠡᠢ ᠲᠤᠭᠤᠰᠢᠯᠠᠭᠤᠯᠵᠤ᠂ ᠤᠳᠤᠷᠢᠳᠬᠤ ᠺᠠᠳ᠋ᠷᠴᠤᠳ ᠰᠢᠨᠵᠢᠯᠡᠬᠦ ᠤᠬᠠᠭᠠᠨᠴᠢ ᠤᠨᠤᠯ ᠢᠶᠠᠷ ᠪᠣᠳᠠᠲᠠᠢ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠳᠤᠷᠢᠳᠬᠤ ᠪᠠᠭ ᠤᠨ ᠭᠡᠰᠢᠭᠦᠳ ᠲᠦᠷᠦᠭᠦᠯᠡᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠤᠰ ᠤᠳᠠᠭ᠎ᠠ ᠶᠢᠨ ᠠᠷᠠᠳᠴᠢᠯᠠᠯᠳᠤ ᠠᠮᠢᠳᠤᠷᠠᠯ ᠤᠨ ᠬᠤᠷᠠᠯ ᠠᠴᠠ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠱᠠᠭᠠᠷᠳᠠᠯᠭ᠎ᠠ ᠶᠣᠰᠣᠭᠠᠷ᠂ ᠪᠣᠳᠠᠲᠠᠢ ᠰᠢᠢᠳᠪᠦᠷᠢᠯᠡᠬᠦ ᠲᠥᠰᠦᠯ ᠪᠣᠯᠤᠨ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ︽ᠡᠴᠦᠰ ᠤᠨ ᠨᠢᠭᠡ ᠺᠢᠯᠤᠮᠧᠲᠷ︾ ᠢ ᠦᠨᠡᠨᠬᠦ ᠨᠡᠪᠲᠡᠷᠡᠭᠦᠯᠬᠦ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠤᠷᠢᠳᠴᠢᠯᠠᠨ ᠵᠢᠯᠣᠭᠤᠳᠴᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠡᠮᠤᠨ᠎ᠡ ᠹᠷᠣᠨᠲ ᠲᠤ ᠭᠦᠨᠵᠡᠭᠡᠶᠢᠷᠡᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠢ ᠲᠠᠶᠢᠴᠢᠯᠠᠵᠦ᠂ ᠴᠢᠬᠤᠯᠠ ᠶᠡᠭᠡ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠠᠯᠠ ᠲᠠᠳᠠᠬᠤ ᠠᠵᠢᠯ ᠤᠨ ᠳᠤᠮᠳᠠ ᠴᠢᠨᠠᠷ ᠰᠠᠶᠢᠲᠠᠶ ᠠᠵᠤ ᠠᠬᠤᠶᠢᠯᠠᠯ ᠲᠠᠢ ᠢᠳᠡᠪᠬᠢᠲᠡᠶ ᠪᠠᠷ ᠵᠣᠯᠭᠠᠭᠤᠯᠵᠤ᠂ ᠪᠥᠬᠦ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠠᠩᠭᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠤᠨ ᠰᠡᠳᠬᠢᠴᠡ ᠪᠠᠨ ᠵᠣᠷᠢᠭᠲᠠᠶ ᠪᠠᠷ ᠰᠢᠨᠡᠴᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ ᠃ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠬᠤ ᠶᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ︽ᠲᠦᠷᠪᠡᠨ ᠰᠤᠷᠲᠠᠯ︾ ᠤᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢ ᠪᠠᠲᠤᠯᠠᠬᠤ ᠬᠡᠷᠡᠭᠲᠡᠢ᠃ ᠤᠳᠤᠷᠢᠳᠬᠤ ᠪᠠᠭ ᠤᠨ ᠭᠡᠰᠢᠭᠦᠳ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠰᠠᠨᠠᠭᠠᠴᠢᠯᠠᠭ᠎ᠠ ᠠᠴᠠ ᠪᠠᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠬᠦᠯᠢᠶᠡᠵᠦ᠂ ᠪᠡᠶ᠎ᠡ ᠪᠠᠷ ᠢᠶᠠᠨ ᠬᠡᠷᠡᠭᠵᠢᠭᠦᠯᠦᠨ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ︽ᠲᠦᠷᠦᠭᠦᠴᠢ ᠭᠠᠯᠠᠭᠤ︾ ᠶᠢᠨ ᠦᠢᠯᠡᠳᠦᠯ ᠢ ᠪᠠᠳᠠᠷᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠲᠦᠷᠢ ᠲᠥᠷᠬᠦ ᠪᠠᠷ ᠪᠦᠬᠦ ᠬᠤᠰᠢᠭᠤᠨ ᠤ ᠺᠠᠳ᠋ᠷ ᠲᠤ ᠬᠡᠪ ᠳᠠᠭᠤᠷᠢᠶᠠᠯ ᠪᠤᠯᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号