ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠬᠢᠪᠡ
ᠨᠡᠶᠢᠲᠡᠯᠡᠭᠰᠡᠨ ᠴᠠᠭ᠄
2025/2/27
    2 ᠰᠠᠷ᠎ᠠ ᠶᠢᠨ 26  ᠤ ᠦᠳᠡ ᠶᠢᠨ ᠬᠤᠶᠢᠨ᠎ᠠ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠬᠤᠰᠢᠭᠤᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠲᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠶ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠯᠦᠩ᠂ ᠵᠠᠩ ᠶᠦᠩ ᠴᠢᠶᠠᠩ᠂ ᠶᠠᠩ ᠵᠧᠨ ᠴᠢᠩ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃  ᠡᠦ ᠴᠢᠩ ᠬᠠᠢ ᠬᠤᠷᠠᠯ ᠡᠷᠭᠢᠯᠡᠪᠡ᠃    ᠲᠤᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠢ ᠲᠥᠯᠥᠭᠡᠯᠡᠭᠴᠢ 197 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 176 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ ᠬᠤᠷᠠᠯ ᠠᠴᠠ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ  ᠬᠤᠷᠠᠯᠳᠣᠭᠠᠨ ᠤ ᠵᠥᠪᠯᠡᠬᠦ ᠵᠦᠢᠯ ᠢ ᠪᠠᠲᠤᠯᠠᠪᠠ︔ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠢ ᠪᠠᠲᠤᠯᠠᠪᠠ︔ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠤ ᠨᠡᠷᠡᠰ ᠢ ᠪᠠᠲᠤᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号