| ᠣᠷᠳᠣ ᠬᠤᠭᠤᠴᠠᠭᠠᠨ ᠤ ᠲᠤᠷᠰᠢ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠨ | ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠶᠠᠪᠤᠳᠠᠯ ᠭᠦᠢᠴᠡᠳᠭᠡᠬᠦ᠂ | ᠠᠷᠠᠳ ᠲᠤ ᠠᠰᠢᠭ ᠬᠦᠷᠲᠡᠭᠡᠬᠦ ᠤᠯᠤᠰ ᠲᠥᠷᠥ ᠶᠢᠨ ᠦᠨᠳᠦᠷᠴᠡ ᠠᠴᠠ ᠲᠠᠨᠢᠯᠲᠠ ᠪᠠᠨ ᠳᠡᠭᠡᠭᠰᠢᠯᠡᠭᠦᠯᠵᠦ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠨᠠᠰᠤᠲᠠᠶᠢᠴᠤᠳ ᠤᠨ ᠦᠨᠳᠦᠰᠦᠨ ᠱᠠᠲᠤᠨ ᠤ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠮᠡᠳᠡᠷᠡᠬᠦ | ᠰᠡᠳᠬᠢᠯᠭᠡ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠨᠠᠰᠤᠲᠠᠶᠢᠴᠤᠳ ᠤᠨ ᠰᠦᠢᠳᠭᠡᠯ ᠬᠤᠷᠢᠶᠠᠬᠤ ᠥᠬᠡᠶ ᠡᠷᠡᠭᠦᠯ | ᠮᠡᠨᠳᠦ ᠶᠢᠨ ᠪᠠᠶᠢᠴᠠᠭᠠᠯᠲᠠ ᠬᠢᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠯᠠᠪᠳᠠᠭᠤᠨ | ᠪᠠᠲᠤᠲᠠᠶ ᠠᠬᠢᠭᠤᠯᠵᠤ᠂ ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠶᠢᠨ ᠬᠠᠮᠲᠤ᠂ ᠪᠥᠬᠦ | ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠳᠤ《ᠡᠮᠴᠢᠯᠡᠭᠡ》 ᠲᠠᠢ ᠪᠠᠶᠢᠬᠤ ᠶᠢ ᠦᠨᠡᠨ ᠬᠦ ᠪᠡᠶᠡᠯᠡᠭᠦᠯᠪᠡ᠃ | |