| ᠠᠵᠤ ᠦᠢᠯᠡᠰ ᠤᠨ ᠬᠥᠭᠵᠢᠯ ᠮᠠᠨᠳᠤᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯ | ᠬᠥᠳᠡᠯᠭᠡᠬᠦ ᠬᠦᠴᠦᠨ ᠮᠥᠨ᠃ ᠵᠠᠷᠤᠳ ᠬᠤᠰᠢᠭᠤᠨ ᠤ ᠯᠦᠪᠸᠢ ᠪᠠᠯᠭᠠᠰᠤ ᠬᠢᠨ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠲᠦᠮᠵᠢᠲᠡᠶ ᠠᠷᠭ᠎ᠠ ᠵᠠᠮ | ᠪᠠ ᠴᠢᠬᠤᠯᠠ ᠭᠠᠷᠳᠠᠴᠠ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠪᠠᠶᠢᠷᠢ ᠶᠢᠨ | ᠳᠠᠪᠠᠭᠤᠯᠢᠭ ᠲᠤ ᠪᠠᠨ ᠲᠦᠰᠢᠭᠯᠡᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠣᠨᠴᠠᠯᠢᠭᠲᠤ ᠠᠵᠤ | ᠦᠢᠯᠡᠰ ᠢ ᠪᠤᠶᠢᠵᠢᠭᠤᠯᠵᠤ᠂《ᠨᠢᠭᠡ ᠲᠣᠰᠬᠤᠨ ᠨᠢᠭᠡ ᠦᠢᠯᠡᠳᠭᠦᠨ 》 ᠤ ᠣᠯᠠᠨ ᠡᠰᠢᠵᠢᠭᠰᠡᠨ ᠬᠥᠭᠵᠢᠯᠲᠡ ᠶᠢᠨ | ᠪᠠᠶᠢᠷᠢᠰᠢᠯ ᠢ ᠬᠦᠴᠦᠯᠡᠨ ᠪᠣᠶ ᠪᠣᠯᠭᠠᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠤᠨ᠂ | ᠲᠣᠰᠬᠤᠨ ᠤ ᠪᠠᠶᠢᠳᠠᠯ ᠳᠤᠨᠢ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠠᠮᠲᠤ ᠶᠢᠨ ᠠᠵᠤ | ᠠᠬᠤᠶ ᠶᠢ ᠪᠤᠵᠠᠭᠠᠶᠢᠷᠠᠭᠤᠯᠵᠤ᠂ ᠣᠨᠴᠠᠯᠢᠭᠲᠤ ᠠᠵᠤ ᠦᠢᠯᠡᠰ ᠢ ᠪᠤᠶᠢᠵᠢᠭᠤᠯᠬᠤ ᠪᠠᠷ ᠳᠡᠮᠵᠢᠨ ᠵᠢᠱᠢᠶ᠎ᠡ ᠦᠵᠡᠭᠦᠯᠦᠨ | ᠬᠥᠲᠥᠯᠦᠨ ᠳᠠᠭᠠᠭᠤᠯᠵᠤ᠂ ᠴᠡᠭ ᠢ ᠬᠤᠯᠪᠣᠨ ᠱᠤᠭᠤᠮ ᠪᠣᠯᠭᠠᠵᠤ᠂ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠣᠭᠯᠠᠪᠠ᠃ | ᠠᠮᠠᠰᠠᠷ ᠭᠠᠴᠠᠭᠠᠨ ᠤ ᠶᠢᠩ ᠽᠢ ᠠᠮᠤ ᠲᠣᠰᠣ ᠡᠳ᠋ᠰᠢᠭᠦᠯᠬᠦ ᠲᠤᠰᠬᠠᠶ ᠬᠤᠷᠰᠢᠶ᠎ᠠ ᠶᠢᠨ ᠲᠣᠰᠣ ᠰᠢᠬᠠᠬᠤ | ᠦᠢᠯᠡᠳᠪᠦᠷᠢᠯᠡᠯ ᠤᠨ ᠲᠠᠰᠤᠭ ᠲᠤ ᠣᠷᠣᠬᠤ ᠳᠤ᠂ ᠲᠡᠷᠢᠭᠦᠨ ᠤ ᠲᠣᠰᠣ ᠰᠢᠬᠠᠬᠤ ᠲᠥᠬᠦᠭᠡᠷᠦᠮᠵᠢ ᠨᠢ ᠥᠨᠳᠥᠷ | ᠬᠤᠷᠳᠤᠴᠠ ᠪᠠᠷ ᠠᠵᠢᠯᠯᠠᠵᠤ᠂ ᠣᠬᠢ ᠰᠢᠯᠢᠳᠡᠭ ᠯᠣᠬᠠᠱᠧᠩ ᠢ ᠥᠨᠳᠥᠷ ᠳᠤᠯᠠᠭᠠᠨ ᠢᠶᠠᠷ ᠬᠠᠭᠤᠷᠬᠤ᠂ ᠬᠤᠯᠢᠴᠠ ᠶᠢ | ᠰᠠᠯᠭᠠᠬᠤ᠂ ᠮᠧᠬᠠᠨᠢᠭ ᠢᠶᠠᠷ ᠰᠢᠬᠠᠬᠤ᠂ ᠰᠢᠭᠦᠷᠡᠭᠦᠯᠵᠦ ᠨᠠᠷᠢᠯᠢᠭ ᠪᠣᠯᠪᠠᠰᠤᠷᠠᠭᠤᠯᠬᠤ ᠵᠡᠷᠭᠡ ᠠᠵᠢᠯ ᠤᠨ ᠳᠠᠷᠠᠭᠠᠯᠠᠯ ᠢ | ᠳᠠᠮᠵᠢᠭᠰᠠᠨ ᠤ ᠳᠠᠷᠠᠭ᠎ᠠ᠂ ᠠᠯᠲᠠᠨ ᠰᠢᠷᠭᠠᠯ ᠯᠣᠬᠠᠱᠧᠩ ᠤᠨ ᠲᠣᠰᠣ ᠲᠠᠰᠤᠷᠠᠯᠲᠠ ᠥᠬᠡᠶ ᠤᠷᠤᠰᠤᠨ ᠭᠠᠷᠴᠤ᠂ | ᠬᠥᠮᠦᠨ ᠤ ᠰᠡᠳᠬᠢᠯ ᠢ ᠬᠥᠳᠡᠯᠭᠡᠮ᠎ᠡ ᠠᠩᠬᠢᠯᠤᠮ᠎ᠠ ᠦᠨᠦᠷ ᠨᠢ ᠬᠠᠩᠬᠤᠯᠵᠤ ᠪᠠᠶᠢᠨ᠎ᠠ᠃ | 《 ᠴᠠᠭᠠᠨ ᠰᠠᠷ᠎ᠠ ᠠᠴᠠ ᠡᠮᠦᠨ᠎ᠡ ᠪᠢᠳᠡᠨ ᠤ ᠡᠳᠦᠷ ᠪᠦᠷᠢ ᠶᠢᠨ ᠦᠢᠯᠡᠳᠭᠦᠨ ᠤ ᠵᠠᠬᠢᠶᠠᠯᠠᠭ᠎ᠠ ᠶᠢᠨ ᠬᠡᠮᠵᠢᠶ᠎ᠡ ᠮᠠᠰᠢ | ᠶᠡᠭᠡ ᠪᠠᠶᠢᠵᠤ᠂ ᠯᠣᠬᠠᠱᠧᠩ ᠤᠨ ᠲᠣᠰᠣ᠂ ᠭᠦᠢᠯᠡᠰᠦᠨ ᠴᠥᠮ᠎ᠡ ᠶᠢᠨ ᠲᠣᠰᠣ ᠶᠢ ᠦᠢᠯᠡᠳᠪᠦᠷᠢᠯᠡᠯ ᠤᠨ | ᠱᠤᠭᠤᠮ ᠠᠴᠠ ᠦᠢᠯᠡᠳᠪᠦᠷᠢᠯᠡᠵᠦ ᠭᠠᠷᠭᠠᠭᠰᠠᠨ ᠤ ᠳᠠᠷᠠᠭ᠎ᠠ᠂ ᠡᠯ᠎ᠡ ᠭᠠᠵᠠᠷ ᠲᠤ ᠲᠠᠷᠬᠠᠭᠠᠳᠠᠭ᠃ ᠮᠠᠨ ᠤ | ᠬᠤᠷᠰᠢᠶ᠎ᠠ ᠶᠢᠨ ᠭᠤᠤᠯ ᠪᠦᠲᠦᠭᠡᠭᠳᠡᠬᠦᠨ ᠪᠣᠯ ᠬᠡᠭᠡᠷ᠎ᠡ ᠶᠢᠨ ᠭᠦᠢᠯᠡᠰᠦᠨ ᠴᠥᠮ᠎ᠡ ᠶᠢᠨ ᠲᠣᠰᠣ ᠪᠣᠯᠤᠨ᠎ᠠ᠂ ᠡᠨᠡ ᠬᠦ | ᠦᠢᠯᠡᠳᠭᠦᠨ ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠪᠠᠶᠢᠳᠠᠯ ᠴᠤ ᠨᠡᠯᠢᠶᠡᠳ ᠵᠦᠭᠡᠷ᠂ ᠪᠢᠳᠡ ᠪᠠᠰᠠ | ᠰᠢᠭᠤᠳ ᠨᠡᠪᠲᠡᠷᠡᠭᠦᠯᠦᠭᠴᠢ ᠶᠢ ᠤᠷᠢᠵᠤ ᠪᠠᠷᠠᠭ᠎ᠠ ᠪᠠᠨ ᠬᠤᠳᠠᠯᠳᠣᠭᠤᠯᠪᠠ᠂ ᠡᠶᠢᠮᠦ ᠠᠴᠠ ᠡᠳᠦᠷ ᠪᠦᠷᠢ ᠪᠠᠷᠠᠭ᠎ᠠ | ᠪᠡᠯᠡᠳᠬᠡᠳᠡᠭ᠃ ᠬᠡᠷᠪᠡ ᠨᠡᠷᠡᠨ ᠬᠤᠸᠠᠷ ᠤᠨ ᠲᠣᠰᠣ ᠰᠢᠭᠤᠳ ᠨᠡᠪᠲᠡᠷᠡᠭᠦᠯᠭᠡ ᠶᠢᠨ ᠳᠤᠮᠳᠠ ᠪᠣᠷᠣᠯᠠᠭᠤᠯᠭ᠎ᠠ ᠨᠢ | ᠰᠠᠶᠢᠨ ᠪᠠᠶᠢᠪᠠᠯ᠂ ᠨᠢᠭᠡ ᠤᠳᠠᠭ᠎ᠠ ᠳᠤ ᠳᠥᠷᠪᠡ ᠲᠠᠪᠤᠨ ᠮᠢᠩᠭᠠᠨ ᠲᠥᠩᠰᠠ ᠬᠤᠳᠠᠯᠳᠣᠨ᠎ᠠ 》ᠭᠡᠵᠦ ᠶᠢᠩ | ᠽᠢ ᠠᠮᠤ ᠲᠣᠰᠣ ᠪᠣᠯᠪᠠᠰᠤᠷᠠᠭᠤᠯᠬᠤ ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ ᠰᠥᠩ ᠱᠤ᠋ ᠶᠢᠩ ᠬᠡᠯᠡᠪᠡ᠃ | ᠨᠢᠭᠡ ᠤᠭᠤᠲᠠ ᠤᠭᠤᠲᠠ ᠭᠦᠢᠯᠡᠰᠦᠨ ᠴᠥᠮ᠎ᠡ᠂ ᠨᠡᠷᠡᠨ ᠬᠤᠸᠠᠷ ᠨᠢ ᠢᠳᠡᠰᠢᠨ ᠲᠣᠰᠣ ᠰᠢᠬᠠᠵᠤ | ᠭᠠᠷᠭᠠᠭᠰᠠᠨ ᠢᠶᠠᠷ ᠪᠠᠷᠠᠬᠤ ᠥᠬᠡᠶ᠂ ᠪᠠᠰᠠ ᠠᠮᠠᠰᠠᠷ ᠭᠠᠴᠠᠭᠠᠨ ᠤ ᠠᠷᠠᠳ ᠲᠤ ᠮᠠᠰᠢ ᠣᠯᠠᠨ ᠠᠵᠢᠯ ᠤᠯᠬᠤ | ᠲᠣᠬᠢᠶᠠᠯ ᠣᠯᠭᠤᠪᠠ᠃《ᠪᠢ ᠠᠳᠡ ᠠᠵᠢᠯᠯᠠᠪᠠᠯ ᠬᠡᠷ ᠠᠴᠠ ᠪᠠᠨ ᠣᠶᠢᠷᠠᠬᠠᠨ᠂ ᠬᠡᠷ ᠤᠨ ᠠᠵᠢᠯ ᠢᠶᠠᠨ ᠴᠤ | ᠰᠠᠭᠠᠲᠠᠭᠠᠬᠤ ᠥᠬᠡᠶ᠂ ᠪᠠᠰᠠ ᠵᠢᠭᠠᠬᠠᠨ ᠠᠮᠢᠳᠤᠷᠠᠯ ᠤᠨ ᠵᠠᠷᠤᠳᠠᠯ ᠣᠯᠵᠤ ᠴᠢᠳᠠᠨ᠎ᠠ》 ᠭᠡᠵᠦ ᠡᠨᠡ ᠵᠢᠯ 59 | ᠨᠠᠰᠤᠲᠠᠶ ᠡᠷᠳᠡᠨᠢᠬᠦᠦ ᠬᠡᠯᠡᠪᠡ᠃ | ᠠᠵᠤ ᠦᠢᠯᠡᠰ ᠤᠨ ᠬᠥᠭᠵᠢᠯᠲᠡ ᠨᠢ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ | ᠴᠢᠨᠡᠭᠡᠯᠢᠭᠵᠢᠬᠦ《ᠲᠣᠭᠲᠠᠪᠤᠷᠢᠵᠢᠭᠤᠯᠤᠭᠴᠢ》ᠪᠣᠯᠬᠤ ᠪᠠᠷ ᠪᠠᠷᠠᠬᠤ ᠦᠭᠡᠢ ᠨᠡᠩ ᠴᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ《ᠬᠤᠰᠢᠭᠤᠴᠢ》ᠪᠣᠯᠤᠨ᠎ᠠ᠃ ᠣᠶᠢᠷ᠎ᠠ ᠶᠢᠨ ᠬᠡᠳᠦᠨ | ᠵᠢᠯ ᠳᠤ᠂ ᠯᠦᠪᠸᠢ ᠪᠠᠯᠭᠠᠰᠤ ᠬᠢᠨ ᠤᠯᠠᠮᠵᠢᠯᠠᠯᠲᠤ ᠲᠡᠵᠢᠭᠡᠨ ᠦᠷᠡᠵᠢᠭᠦᠯᠬᠦ ᠳᠠᠪᠠᠭᠤᠯᠢᠭ ᠲᠠᠭᠠᠨ ᠰᠠᠭᠤᠷᠢᠯᠠᠨ᠂ | ᠳᠠᠭᠠᠭᠤᠯᠤᠭᠴᠢ ᠶᠢ ᠣᠷᠣᠭᠤᠯᠤᠨ ᠠᠪᠴᠢᠷᠠᠬᠤ᠂ ᠡᠭᠦᠯᠳᠡᠷ ᠰᠠᠶᠢᠵᠢᠷᠠᠭᠤᠯᠬᠤ᠂ ᠬᠡᠯᠬᠢᠶ᠎ᠡ ᠶᠢ ᠤᠷᠲᠤᠳᠬᠠᠬᠤ ᠵᠡᠷᠭᠡ | ᠲᠠᠯ᠎ᠠ ᠪᠠᠷ ᠣᠨᠣᠪᠴᠢᠲᠠᠶ ᠬᠦᠴᠦᠯᠡᠵᠦ᠂ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠪᠠ᠃ | ᠬᠥᠩ ᠨᠥᠩ ᠲᠣᠰᠬᠤᠨ ᠤ ᠲᠡᠵᠢᠭᠡᠪᠦᠷᠢ ᠶᠢᠨ ᠲᠠᠯᠠᠪᠠᠶ ᠳᠤ ᠣᠷᠣᠪᠠᠯ᠂ ᠨᠢᠭᠡ ᠮᠦᠷ ᠮᠦᠷ ᠥᠩᠭᠡᠲᠦ | ᠪᠣᠯᠣᠳ ᠤᠨ ᠬᠤᠨᠢᠨ ᠤ ᠬᠠᠰᠢᠶ᠎ᠠ ᠨᠢ ᠲᠡᠷᠢ ᠲᠡᠭᠰᠢ ᠵᠢᠭᠰᠠᠵᠤ᠂ ᠬᠠᠰᠢᠶᠠᠨ ᠳᠠᠬᠢ ᠲᠠᠷᠭᠤᠨ ᠬᠤᠨᠢ ᠰᠡᠯᠡᠭᠦᠦ | ᠠᠯᠬᠤᠯᠠᠵᠤ᠂ ᠮᠠᠶᠢᠯᠠᠬᠤ ᠲᠠᠭᠤ ᠲᠠᠰᠤᠷᠠᠯᠲᠠ ᠥᠬᠡᠶ ᠰᠣᠨᠣᠰᠳᠠᠨ᠎ᠠ᠃ ᠠᠵᠢᠯᠴᠢᠳ ᠶᠠᠭ ᠬᠤᠨᠢ ᠳᠤ ᠲᠡᠵᠢᠭᠡᠯ | ᠡᠪᠡᠰᠦ ᠨᠡᠮᠡᠵᠦ᠂ ᠬᠠᠰᠢᠶ᠎ᠠ ᠰᠠᠷᠠᠪᠴᠢ ᠴᠡᠪᠡᠷᠯᠡᠵᠦ ᠪᠠᠶᠢᠨ᠎ᠠ᠃ ᠡᠨᠡ ᠬᠦ ᠲᠡᠵᠢᠭᠡᠬᠦ᠂ ᠦᠷᠡᠵᠢᠭᠦᠯᠬᠦ᠂ | ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠡᠵᠢᠭᠡᠪᠦᠷᠢ ᠶᠢᠨ ᠲᠠᠯᠠᠪᠠᠶ ᠨᠢ ᠲᠤᠬᠠᠶ ᠶᠢᠨ ᠭᠠᠵᠠᠷ ᠤᠨ ᠠᠵᠤ | ᠠᠬᠤᠶ ᠳᠤ ᠰᠢᠨ᠎ᠡ ᠠᠮᠢᠵᠢᠷᠠᠯ ᠤᠨ ᠬᠦᠴᠦᠨ ᠣᠯᠭᠤᠭᠰᠠᠨ ᠢᠶᠠᠷ ᠪᠠᠷᠠᠬᠤ ᠥᠬᠡᠶ ᠪᠠᠰᠠ ᠡᠷᠬᠢᠨ ᠲᠣᠭᠤᠷᠢᠨ ᠤ | ᠲᠣᠰᠬᠤᠨ ᠤ ᠠᠷᠠᠳ ᠲᠤ ᠣᠷᠣᠯᠭ᠎ᠠ ᠪᠠᠨ ᠨᠡᠮᠡᠭᠳᠡᠭᠦᠯᠬᠦ ᠪᠠ ᠠᠵᠢᠯ ᠤᠯᠬᠤ ᠲᠣᠬᠢᠶᠠᠯ ᠣᠯᠭᠤᠭᠰᠠᠨ ᠪᠠᠶᠢᠨ᠎ᠠ᠃ | ᠲᠣᠰᠬᠤᠨ ᠤ ᠠᠷᠠᠳ ᠵᠠᠩ ᡁᠢ ᠴᠦᠨ᠄《ᠪᠢ ᠦᠢᠯᠡᠳᠪᠦᠷᠢ ᠪᠠᠶᠢᠭᠤᠯᠬᠤ ᠠᠴᠠ ᠡᠬᠢᠯᠡᠨ ᠠᠳᠡ ᠠᠵᠢᠯᠯᠠᠵᠤ᠂ | ᠨᠢᠭᠡᠨᠲᠡ ᠵᠢᠯ ᠢᠯᠡᠭᠦᠦ ᠪᠣᠯᠵᠠᠢ᠂ ᠰᠠᠷ᠎ᠠ ᠶᠢᠨ ᠴᠠᠯᠢᠩ 5000 ᠲᠥᠭᠦᠷᠢᠭ᠂ ᠠᠳᠡᠬᠢ ᠲᠥᠬᠦᠭᠡᠷᠦᠮᠵᠢ ᠶᠢᠨ | ᠨᠥᠬᠦᠴᠡᠯ ᠪᠦᠷ ᠮᠠᠰᠢ ᠰᠠᠶᠢᠨ᠂ ᠪᠢ ᠪᠠᠭ᠎ᠠ ᠪᠤᠰᠤ ᠲᠡᠷᠢᠭᠦᠨ ᠤ ᠲᠡᠵᠢᠭᠡᠨ ᠦᠷᠡᠵᠢᠭᠦᠯᠬᠦ ᠲᠤᠷᠰᠢᠯᠭ᠎ᠠ ᠶᠢ | ᠰᠤᠷᠤᠯᠴᠠᠵᠠᠢ》ᠭᠡᠪᠡ᠃ | ᠯᠦᠪᠸᠢ ᠪᠠᠯᠭᠠᠰᠤ ᠬᠢᠨ ᠲᠡᠵᠢᠭᠡᠨ ᠦᠷᠡᠵᠢᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠤᠭᠰᠠᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠲᠠᠢ ᠬᠠᠮᠲᠤᠷᠠᠨ ᠲᠡᠵᠢᠭᠡᠨ | ᠦᠷᠡᠵᠢᠭᠦᠯᠬᠦ ᠲᠠᠯᠠᠪᠠᠶ ᠪᠠᠶᠢᠭᠤᠯᠬᠤ ᠪᠠᠷ ᠳᠡᠮᠵᠢᠨ᠂ ᠣᠳᠣᠬᠢᠴᠢᠯᠠᠭᠰᠠᠨ ᠠᠯᠠᠰᠢᠨ ᠬᠤᠨᠢ ᠲᠡᠵᠢᠭᠡᠬᠦ ᠰᠠᠭᠤᠷᠢᠨ | ᠭᠠᠵᠠᠷ ᠢ ᠪᠣᠶ ᠪᠣᠯᠭᠠᠵᠤ᠂ ᠤᠯᠠᠮᠵᠢᠯᠠᠯᠲᠤ ᠲᠠᠷᠠᠬᠠᠶ ᠪᠠᠷ ᠲᠡᠵᠢᠭᠡᠵᠦ ᠪᠠᠶᠢᠭᠰᠠᠨ ᠠᠴᠠ ᠪᠠᠨ ᠡᠷᠴᠢᠮᠵᠢᠭᠰᠡᠨ᠂ | ᠬᠡᠪᠴᠢᠶᠡᠵᠢᠭᠰᠡᠨ ᠴᠢᠭᠯᠡᠯ ᠢᠶᠠᠷ ᠬᠥᠭᠵᠢᠵᠦ᠂ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠬᠠᠮᠲᠤ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠢᠶᠠᠨ ᠰᠠᠶᠢᠵᠢᠷᠠᠭᠤᠯᠵᠤ᠂ ᠲᠡᠵᠢᠭᠡᠨ ᠦᠷᠡᠵᠢᠭᠦᠯᠬᠦ | ᠥᠪᠡᠷ ᠤᠨ ᠥᠷᠲᠡᠭ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠨᠡᠮᠡᠭᠳᠡᠭᠦᠯᠵᠦ᠂ | ᠬᠤᠨᠢᠨ ᠤ ᠠᠵᠤ ᠦᠢᠯᠡᠰ ᠦᠷᠭᠦᠯᠵᠢᠯᠡᠨ ᠡᠷᠡᠭᠦᠯ ᠪᠥᠭᠡᠳ ᠬᠦᠴᠦᠲᠡᠶ ᠬᠥᠭᠵᠢᠯᠲᠡ ᠶᠢᠨ ᠪᠠᠶᠢᠳᠠᠯ ᠢᠯᠡᠷᠡᠪᠡ᠃ | ᠠᠵᠤ ᠦᠢᠯᠡᠰ ᠬᠥᠭᠵᠢᠪᠡᠯ ᠬᠥᠳᠡᠭᠡ ᠲᠣᠰᠬᠤᠨ ᠬᠥᠭᠵᠢᠵᠦ᠂ ᠠᠵᠤ ᠦᠢᠯᠡᠰ ᠬᠦᠴᠦᠷᠬᠡᠭᠵᠢᠪᠡᠯ ᠬᠥᠳᠡᠭᠡ | ᠲᠣᠰᠬᠤᠨ ᠬᠦᠴᠦᠷᠬᠡᠭᠵᠢᠨ᠎ᠡ᠃ ᠥᠨᠥᠳᠦᠷ ᠤᠨ ᠯᠦᠪᠸᠢ ᠪᠠᠯᠭᠠᠰᠤᠨ ᠳᠤ ᠠᠵᠤ ᠦᠢᠯᠡᠰ ᠬᠥᠭᠵᠢᠨ᠂ ᠲᠠᠷᠢᠶᠠᠴᠢᠳ | ᠪᠠᠶᠠᠨ ᠴᠢᠨᠡᠭᠡᠯᠢᠭ ᠪᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠤ᠂ ᠢᠮᠠᠭᠲᠠ | ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠲᠠᠷᠢᠶᠠᠯᠠᠩ ᠢ | ᠬᠥᠭᠵᠢᠭᠦᠯᠬᠦ᠂ ᠲᠠᠷᠢᠶᠠᠴᠢᠳ ᠢ ᠪᠠᠶᠠᠵᠢᠭᠤᠯᠬᠤ ᠪᠦᠲᠦᠮᠵᠢᠲᠡᠢ ᠠᠷᠭ᠎ᠠ ᠵᠠᠮ ᠪᠣᠯᠭᠠᠵᠤ᠂《ᠲᠣᠰᠬᠤᠨ | ᠬᠦᠴᠦᠷᠬᠡᠭᠵᠢᠬᠦ》 ᠪᠠᠷ《ᠠᠷᠠᠳ ᠢ ᠪᠠᠶᠠᠵᠢᠭᠤᠯᠬᠤ》 ᠶᠢ ᠨᠢᠭᠡᠳᠦᠯᠲᠡᠢ ᠲᠥᠯᠥᠪᠵᠢᠭᠦᠯᠵᠦ᠂ ᠲᠣᠰᠬᠤᠨ ᠤ | ᠠᠷᠠᠳ ᠤᠨ《ᠵᠣᠭᠤᠰᠣᠨ ᠪᠤᠭᠴᠤ》 ᠶᠢ ᠳᠦᠭᠦᠷᠭᠡᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ | ᠦᠯᠡᠳᠡᠭᠡᠵᠦ ᠳᠡᠶᠢᠯᠬᠦ᠂ ᠪᠠᠶᠠᠵᠢᠭᠤᠯᠵᠤ ᠳᠡᠶᠢᠯᠬᠦ ᠪᠣᠯᠭᠠᠵᠤ᠂ ᠨᠡᠩ ᠴᠤ ᠬᠥᠳᠡᠭᠡ ᠲᠣᠰᠬᠤᠨ ᠤ《ᠠᠮᠢᠵᠢᠷᠠᠯ ᠤᠨ | ᠬᠦᠴᠦᠨ》 ᠢ ᠬᠥᠭᠵᠢᠭᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰ | ᠪᠡᠶ᠎ᠡ ᠶᠢᠨ《ᠴᠢᠰᠤ ᠪᠦᠲᠦᠭᠡᠬᠦ》ᠴᠢᠳᠠᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠡᠴᠡᠭᠯᠡᠯ ᠪᠠᠳᠠᠷᠠᠯ ᠤᠨ | ᠵᠢᠷᠤᠭ ᠲᠥᠯᠥᠪ ᠢ ᠴᠢᠷᠮᠠᠶᠢᠨ ᠵᠢᠷᠤᠭᠯᠠᠪᠠ᠃ | ᠯᠦᠪᠸᠢ ᠪᠠᠯᠭᠠᠰᠤᠨ ᠤ ᠳᠡᠳ᠋ ᠳᠠᠷᠤᠭ᠎ᠠ ᠳ᠋ᠢᠶᠤᠤ ᠰᠢᠶᠤᠤ ᠢᠦᠢ᠂《ᠲᠠᠷᠠᠭᠠᠴᠢ ᠶᠢᠨ ᠠᠯᠬᠤᠮ ᠳᠤ᠂ ᠯᠦᠪᠸᠢ | ᠪᠠᠯᠭᠠᠰᠤ ᠦᠷᠭᠦᠯᠵᠢᠯᠡᠨ ᠬᠦᠴᠦᠯᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠳᠦᠭᠡᠨ | ᠪᠠᠶᠢᠭᠤᠯᠤᠯᠲᠠ᠂ ᠠᠷᠠᠳ ᠤᠨ ᠠᠮᠢᠳᠤᠷᠠᠯ ᠢ ᠪᠠᠲᠣᠯᠠᠨ᠎ᠠ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ | ᠡᠭᠦᠳᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ ᠨᠠᠮ ᠢ ᠬᠠᠮᠢᠶᠠᠷᠬᠤ ᠵᠡᠷᠭᠡ ᠵᠢᠷᠭᠤᠭᠠᠨ ᠶᠡᠭᠡ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠣᠳᠬᠠᠬᠤ ᠪᠠᠷ ᠭᠤᠣᠯ ᠰᠢᠵᠢᠮ ᠪᠣᠯᠭᠠᠵᠤ᠂〈ᠬᠤᠶᠠᠷ ᠶᠡᠭᠡ ᠶᠠᠪᠤᠳᠠᠯ〉 ᠢ ᠰᠠᠶᠢᠲᠤᠷ ᠬᠢᠬᠦ ᠳᠤ ᠰᠠᠭᠤᠷᠢᠯᠠᠵᠤ᠂ | ᠯᠦᠪᠸᠢ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ 》ᠭᠡᠵᠦ | ᠢᠯᠡᠳᠬᠡᠪᠡ᠃ |