ᠴᠢᠪᠠᠭᠠᠲᠤ ᠰᠤᠮᠤ᠄ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2025/2/7
    ᠣᠶᠢᠷ᠎ᠠ ᠶᠢᠨ ᠵᠢᠯ ᠳᠤ᠂ ᠴᠢᠪᠠᠭᠠᠲᠤ ᠰᠤᠮᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠴᠣᠩᠬᠤᠪᠴᠢ ᠶᠢ ᠴᠣᠮᠬᠠᠳᠬᠠᠨ ᠰᠢᠯᠢᠳᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠴᠣᠩᠬᠤᠪᠴᠢ ᠶᠢᠨ ᠴᠢᠳᠠᠮᠵᠢ ᠶᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠶᠢ ᠳᠣᠭᠢᠷᠠᠭᠤᠯᠤᠨ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠵᠦ᠂ ᠠᠵᠢᠯᠲᠠᠨ ᠢ ᠵᠤᠬᠢᠰᠳᠠᠢ ᠲᠤᠬᠢᠷᠠᠭᠤᠯᠤᠨ᠂ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ︽ᠴᠣᠩᠬᠤᠪᠴᠢ ᠶᠢ ᠪᠠᠭᠠᠰᠬᠠᠬᠤ︾ ᠳᠤ ︽ᠶᠠᠰᠤ ᠴᠢᠨᠠᠷ︾ ᠢ ᠰᠤᠯᠠᠷᠠᠭᠤᠯᠬᠤ ᠥᠬᠡᠶ᠂ ︽ᠳᠠᠷᠤᠭᠠᠰᠤ ᠶᠢ ᠬᠥᠩᠭᠡᠷᠡᠭᠦᠯᠬᠦ︾ ᠳᠤ ︽ᠦᠢᠯᠡᠴᠢᠯᠡᠭᠡ︾ ᠶᠢ ᠪᠠᠭᠠᠰᠬᠠᠬᠤ ᠥᠬᠡᠶ ᠶᠢ ᠪᠡᠶᠡᠯᠡᠭᠦᠯᠪᠡ᠃ ︽ᠡᠷᠤᠭᠡ ᠳᠤ ᠬᠦᠷᠴᠤ ᠭᠦᠢᠴᠡᠳᠭᠡᠬᠦ︾᠂ ︽ᠲᠣᠰᠬᠤᠨ ᠳᠤ ᠪᠠᠭᠤᠵᠤ ᠭᠦᠢᠴᠡᠳᠭᠡᠬᠦ︾ ᠶᠢ ᠬᠠᠷᠢᠯᠴᠠᠨ ᠤᠶᠠᠯᠳᠤᠭᠤᠯᠤᠭᠰᠠᠨ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠠᠬᠢᠭᠤᠯᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠵᠢᠴᠢ ᠬᠡᠷᠡᠭᠴᠡᠭᠡ ᠱᠠᠭᠠᠷᠳᠠᠯᠭ᠎ᠠ ᠲᠠᠢ ᠮᠠᠯᠴᠢᠨ ᠲᠠᠷᠢᠶᠠᠴᠢᠨ ᠳᠤ ᠴᠠᠭ ᠲᠤᠬᠠᠢ ᠳᠤᠨᠢ ᠪᠦᠲᠦᠮᠵᠢᠲᠡᠢ ᠦᠢᠯᠡᠴᠢᠯᠡᠭᠡ ᠬᠠᠩᠭᠠᠵᠤ᠂ ᠦᠢᠯᠡᠴᠢᠯᠡᠭᠡ ᠶᠢᠨ ︽ᠳᠤᠯᠠᠭᠠᠴᠠ︾ ᠶᠢ ᠨᠡᠮᠡᠭᠳᠡᠭᠦᠯᠵᠦ ︽ᠬᠤᠷᠳᠤᠴᠠ︾ ᠶᠢ ᠲᠡᠭᠡᠭᠰᠢᠯᠡᠭᠦᠯᠪᠡ ᠃       
微信图片_20250207110827.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号