ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 100 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2025/2/8
        2 ᠰᠠᠷ᠎ᠠ ᠶᠢᠨ 7  ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 100 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤᠨ ᠳᠠᠷᠤᠭ᠎ᠠ ᠪᠠᠲᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠡᠦ ᠴᠢᠩ ᠬᠠᠶ᠂ ᠯᠢᠦ ᠶᠦᠩ ᠵᠡᠷᠭᠡ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ《 ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠠᠭᠳᠠᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ 》 ᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠡᠯ᠎ᠡ ᠵᠦᠢᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠡᠯ᠎ᠡ ᠵᠦᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠭᠦᠷᠡᠰᠦ ᠴᠠᠬᠢᠯᠭᠠᠨ ᠬᠦᠩᠭᠡᠨᠴᠠᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠣᠲᠣ ᠶᠢᠨ ᠪᠠᠶᠢᠭ᠎ᠠ ᠰᠠᠭᠤᠷᠢ ᠳᠤ ᠰᠠᠭᠤᠷᠢᠯᠠᠵᠤ᠂ ᠵᠠᠬᠠᠨᠠᠭᠤᠷ ᠤᠨ ᠬᠦᠩᠭᠡᠨᠴᠠᠭᠠᠨ ᠤ ᠬᠤᠶᠠᠳᠤᠭᠠᠷ ᠬᠤᠭᠤᠴᠠᠭᠠᠨ ᠤ ᠪᠣᠬᠢᠷᠲᠤᠯ ᠥᠬᠡᠶ ᠠᠭᠠᠷ ᠤᠨ ᠠᠶᠠᠯᠠᠯ ᠤᠨ ᠨᠡᠭᠦᠷᠡᠰᠦᠨ ᠲᠣᠰᠣ᠂ ᠪᠣᠬᠢᠷᠲᠤᠯ ᠥᠬᠡᠶ ᠢᠰᠦᠯᠳᠦᠭᠰᠡᠨ ᠬᠦᠩᠭᠡᠨᠴᠠᠭᠠᠨ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷᠲᠤᠯ ᠥᠬᠡᠶ ᠴᠠᠬᠢᠯᠭᠠᠨ ᠤ ᠬᠥᠭᠵᠢᠯᠲᠡ ᠪᠠᠷ ᠠᠵᠤ ᠦᠢᠯᠡᠳᠪᠦᠷᠢ ᠶᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠭᠡᠵᠦ᠂ ᠴᠢᠬᠤᠯᠠ ᠬᠦᠷᠢᠶᠡᠨ ᠤ ᠪᠣᠬᠢᠷᠲᠤᠯ ᠥᠬᠡᠶ ᠬᠥᠭᠵᠢᠯᠲᠡ ᠶᠢᠨ ᠵᠠᠮ ᠢ ᠠᠬᠢᠭᠤᠯᠵᠤ᠂ ᠳᠠᠪᠠᠭᠤᠯᠢᠭ ᠣᠨᠴᠠᠯᠢᠭ ᠲᠠᠢ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠨᠢᠭᠡᠳᠦᠭᠡᠷ ᠬᠤᠶᠠᠳᠣᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠢᠶᠠᠨ ᠤ ᠲᠥᠪ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠰᠢᠭᠤ᠂ ᠪᠠᠯᠭᠠᠰᠤ᠂ ᠲᠣᠰᠬᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠴᠢᠬᠤᠯᠠ ᠡᠯᠧᠮᠧᠨ᠋ᠲ ᠤᠨ ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠤᠨ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠲᠦᠩᠯᠢᠶᠣᠤ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠵᠢᠷᠭᠤᠭᠠᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂《ᠵᠢᠷᠭᠤᠭᠠᠨ ᠠᠵᠢᠯᠯᠠᠭ᠎ᠠ》 ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠨ ᠤ ᠡᠭᠦᠷᠭᠡ ᠶᠢᠨ ᠨᠠᠷᠢᠨ ᠳᠠᠩᠰᠠ ᠪᠠ ᠪᠣᠳᠠᠲᠠᠶ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠯᠥᠪᠵᠢᠭᠦᠯᠵᠦ᠂ ᠪᠣᠭᠤᠮᠲᠠ ᠰᠢᠪᠲᠤᠯᠬᠤ ᠶᠢ ᠤᠷᠢᠳ ᠢᠶᠠᠷ ᠰᠠᠶᠢᠲᠤᠷ ᠠᠳᠬᠤᠵᠤ᠂ ᠬᠠᠷᠠᠯᠲᠠ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂《ᠰᠠᠶᠢᠨ ᠡᠬᠢᠯᠡᠯᠲᠡ》 ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠦᠯᠢᠭᠡᠷ ᠤᠨ ᠮᠦᠽᠧᠢ ᠵᠡᠷᠭᠡ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ᠂ ᠵᠠᠷᠤᠳ ᠤᠨ ᠪᠠᠷ ᠵᠢᠷᠤᠭ ᠵᠡᠷᠭᠡ ᠪᠦᠲᠦᠭᠡᠯ ᠢ ᠵᠣᠬᠢᠶᠠᠨ ᠪᠦᠲᠦᠭᠡᠬᠦ ᠶᠢ ᠬᠡᠷᠡᠭᠵᠢᠭᠦᠯᠵᠦ᠂ ᠰᠢᠯᠢᠳᠡᠭ ᠤᠯᠠᠮᠵᠢᠯᠠᠯᠲᠤ ᠰᠣᠶᠣᠯ ᠤᠨ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠭᠦᠩ ᠤᠨ ᠰᠠᠩ ᠵᠢᠭᠤᠯᠴᠢᠯᠠᠯ ᠤᠨ ᠣᠷᠣᠨ ᠤ ᠬᠤᠶᠠᠳᠤᠭᠠᠷ ᠬᠤᠭᠤᠴᠠᠭ᠎ᠠ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠷᠤ ᠭᠠᠵᠠᠷ ᠤᠨ ᠬᠤᠪᠢᠯᠭᠠᠨ ᠷᠠᠰᠢᠶᠠᠨ᠂ ᠡᠮᠦᠨ᠎ᠡ ᠪᠤᠯᠠᠭᠲᠣ ᠶᠢᠨ ᠮᠦᠽᠧᠢ ᠵᠡᠷᠭᠡ ᠦᠵᠡᠮᠵᠢ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠬᠤᠷᠴᠢᠨ᠂ ᠲᠠᠩᠰᠤᠭ ᠵᠠᠷᠤᠳ ᠤᠨ ᠰᠣᠶᠣᠯ ᠵᠢᠭᠤᠯᠴᠢᠯᠠᠯ ᠤᠨ ᠣᠷᠣᠨ ᠪᠦᠰᠡ ᠶᠢᠨ ᠲᠠᠪᠴᠠᠩ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠤᠨ ᠲᠠᠰ ᠤᠨ ᠤᠳᠤᠷᠢᠳᠤᠯᠭ᠎ᠠ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠦᠷᠭᠦᠯᠵᠢᠯᠡᠨ ᠪᠠᠶᠢᠭᠤᠯᠵᠤ᠂ ᠺᠠᠳ᠋ᠷ ᠤᠨ ᠪᠣᠯᠪᠠᠰᠤᠷᠠᠭᠤᠯᠤᠯ ᠪᠠ ᠬᠠᠮᠢᠶᠠᠷᠤᠯᠲᠠ ᠶᠢ ᠴᠢᠩᠭᠠᠳᠬᠠᠨ᠂ ᠺᠠᠳ᠋ᠷ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ︔ ᠳᠠᠭᠠᠭᠠᠴᠢᠯᠠᠨ ᠬᠤᠯᠪᠣᠭᠠᠯᠠᠬᠤ ᠠᠵᠢᠯ ᠲᠠᠢ ᠤᠶᠠᠯᠳᠤᠭᠤᠯᠵᠤ᠂ ᠲᠤᠷᠰᠢᠯᠭ᠎ᠠ ᠪᠠᠨ ᠳ᠋ᠦᠩᠨᠡᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠦᠷᠢᠮ ᠪᠣᠯᠤᠨ ᠵᠠᠭᠪᠤᠷ ᠢ ᠪᠦᠷᠢᠯᠳᠦᠭᠦᠯᠵᠦ᠂ ᠴᠡᠭ ᠠᠴᠠ ᠱᠤᠭᠤᠮ ᠳᠤ ᠬᠦᠷᠬᠦ ᠠᠰᠠᠭᠤᠳᠠᠯ ᠢ ᠰᠢᠢᠳᠪᠦᠷᠢᠯᠡᠵᠦ᠂ ᠠᠵᠤ  ᠠᠬᠤᠶᠢᠯᠠᠯ ᠪᠣᠯᠤᠨ ᠠᠷᠠᠳ ᠲᠦᠮᠡᠨ ᠳᠤ ᠨᠡᠩ ᠪᠦᠬᠦ ᠲᠠᠯ᠎ᠠ ᠶᠢᠨ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠠᠭᠳᠠᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠴᠠᠭᠳᠠᠨ ᠪᠠᠶᠢᠴᠠᠭᠠᠬᠤ ᠠᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠣᠳᠣᠷᠬᠠᠢ ᠲᠠᠨᠢᠵᠤ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠡᠭᠦᠷᠭᠡᠲᠦ ᠪᠤᠳᠤᠯ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠴᠠᠭᠳᠠᠨ ᠪᠠᠶᠢᠴᠠᠭᠠᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠤᠰ ᠤᠳᠠᠭ᠎ᠠ ᠶᠢᠨ ᠴᠠᠭᠳᠠᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠨᠠᠮ ᠤᠨ ᠰᠤᠷᠤᠯᠴᠠᠯᠭ᠎ᠠ ᠶᠢᠨ ᠰᠠᠬᠢᠯᠭ᠎ᠠ ᠪᠠᠲᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ ᠪᠠ ᠪᠠᠲᠤᠯᠠᠵᠤ ᠤᠷᠮᠠᠰᠢᠭᠤᠯᠤᠨ ᠵᠣᠷᠢᠭᠵᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠥᠷᠭᠡᠨ ᠤᠯᠠᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠳᠡᠭᠡᠷ᠎ᠡ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠪᠦᠬᠦ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号