| 3 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠠᠷᠠᠳ ᠤᠨ ᠶᠠᠪᠤᠳᠠᠯ ᠤᠨ ᠠᠵᠢᠯ ᠵᠢᠴᠢ ᠠᠷᠠᠳ ᠤᠨ | ᠶᠠᠪᠤᠳᠠᠯ ᠤᠨ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠠᠵᠢᠯ ᠤᠨ ᠬᠤᠷᠠᠯ ᠬᠢᠵᠦ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ | ᠡᠭᠦᠷᠭᠡ ᠶᠢ ᠪᠠᠶᠢᠷᠢᠯᠠᠭᠤᠯᠵᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠺᠠᠳ᠋ᠷ ᠤᠨ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢᠨ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠳᠡᠳ᠋ ᠬᠤᠰᠢᠭᠤᠨ ᠳᠠᠷᠤᠭ᠎ᠠ ᠬᠤᠤ ᠵᠢᠶᠠᠨ ᠬᠤᠸᠠ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤ ᠲᠠᠯᠠᠪᠠᠶ | ︵ᠵᠡᠭᠡᠯᠢ ᠭᠤᠳᠤᠮᠵᠢ︶ ᠶᠢᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠠᠷᠠᠳ ᠤᠨ ᠶᠠᠪᠤᠳᠠᠯ ᠤᠨ | ᠲᠤᠰᠠᠯᠠᠭᠴᠢ ᠵᠢᠴᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠪᠠᠭ ᠤᠨ ᠭᠡᠰᠢᠭᠦᠨ᠂ ᠡᠯ᠎ᠡ | ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠪᠣᠷᠢᠯᠠᠭᠰᠠᠨ ᠨᠢ᠂ 2024 ᠣᠨ ᠳᠤ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ | ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠤᠨ ᠲᠠᠰ | ᠳᠡᠪᠰᠢᠬᠦ ᠶᠢ ᠴᠢᠩᠭ᠎ᠠ ᠠᠳᠬᠤᠵᠤ᠂ ᠣᠨ ᠤ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠰᠢᠨ᠎ᠡ ᠠᠬᠢᠯᠲᠠ᠂ | ᠰᠢᠨ᠎ᠡ ᠦᠷ᠎ᠡ ᠪᠦᠲᠦᠮᠵᠢ ᠤᠯᠪᠠ᠃ | ᠬᠤᠷᠠᠯ ᠠᠴᠠ᠂ 2025 ᠣᠨ ᠳᠤ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠠᠵᠢᠯ ᠳᠤ ᠰᠢᠨ᠎ᠡ ᠴᠠᠭ | ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠤᠨ ᠡᠭᠦᠷᠭᠡ ᠴᠢᠳᠠᠪᠬᠢ ᠪᠠᠶᠢᠷᠢ ᠰᠠᠭᠤᠷᠢ ᠶᠢ ᠣᠨᠣᠪᠴᠢᠲᠠᠶ ᠲᠠᠨᠢᠨ | ᠡᠵᠡᠮᠳᠡᠵᠦ᠂ ᠠᠷᠠᠳ ᠤᠨ ᠶᠠᠪᠤᠳᠠᠯ ᠤᠨ ᠠᠵᠢᠯ ᠢ ᠤᠬᠠᠮᠰᠠᠷ ᠠᠴᠠ ᠪᠠᠨ ᠭᠤᠤᠯ ᠶᠡᠭᠡ ᠲᠠᠯ᠎ᠠ ᠳᠤ ᠠᠭᠤᠰᠤᠯᠴᠠᠭᠤᠯᠵᠤ | ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠡᠬᠢ ᠪᠠᠶᠠᠯᠢᠭ ᠪᠠ | ᠬᠦᠴᠦᠨ ᠴᠢᠳᠠᠯ ᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠨ᠂ ᠪᠥᠬᠦ ᠬᠤᠰᠢᠭᠤᠨ ᠤ ᠠᠷᠠᠳ ᠤᠨ | ᠶᠠᠪᠤᠳᠠᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ | ᠬᠡᠷᠡᠭᠲᠡᠶ᠃ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠬᠡᠷᠡᠭ ᠶᠠᠪᠤᠳᠠᠯ᠂ | ᠨᠡᠶᠢᠭᠡᠮ ᠤᠨ ᠵᠠᠰᠠᠯᠲᠠ ᠶᠢᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠯ᠎ᠡ ᠵᠦᠢᠯ ᠤᠨ ᠨᠡᠶᠢᠭᠡᠮ ᠤᠨ | ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ︽ᠲᠣᠮᠣ ᠳ᠋ᠠᠶᠢᠲ᠋ᠠ + ᠡᠷᠦᠬᠡ ᠳᠤ | ᠣᠷᠣᠬᠤ︾ ᠪᠠᠷ ᠳᠡᠮᠵᠢᠨ᠂ ᠠᠪᠤᠷᠠᠨ ᠲᠤᠰᠠᠯᠠᠬᠤ ᠡᠲᠡᠭᠡᠳ ᠢ ᠣᠨᠣᠴᠠᠲᠠᠢ ᠲᠣᠭᠲᠠᠭᠠᠵᠤ᠂ ᠪᠠᠲᠤᠯᠠᠪᠠᠰᠤ ᠵᠣᠬᠢᠬᠤ | ᠪᠦᠬᠦᠨ ᠢ ᠪᠠᠲᠤᠯᠠᠨ᠂ ᠲᠣᠰᠠᠯᠠᠪᠠᠰᠤ ᠵᠣᠬᠢᠬᠤ ᠪᠦᠬᠦᠨ ᠢ ᠲᠤᠰᠠᠯᠠᠬᠤ ᠬᠡᠷᠡᠭᠲᠡᠢ᠃ ᠠᠪᠤᠷᠠᠨ ᠲᠤᠰᠠᠯᠠᠬᠤ ᠠᠵᠢᠯ ᠢ | ᠢᠯᠡ ᠲᠣᠳᠣ᠂ ᠡᠷᠬᠡ ᠲᠡᠭᠰᠢ ᠲᠥᠪ ᠭᠤᠤᠯᠴᠢ ᠪᠠᠶᠢᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ | ᠴᠠᠷ᠎ᠠ ᠳᠠᠬᠢ ︽ᠲᠥᠷᠥᠯ ᠰᠠᠳᠤᠨ ᠨᠠᠶᠢᠵᠠ ᠨᠥᠬᠦᠳ ᠲᠡᠭᠡᠨ ᠪᠠᠲᠣᠯᠠᠭ᠎ᠠ ᠣᠯᠭᠤᠬᠤ︾᠂ ︽ᠨᠠᠶᠢᠷ ᠲᠠᠯ᠎ᠠ ᠶᠢᠨ | ᠪᠠᠲᠣᠯᠠᠭ᠎ᠠ ᠣᠯᠭᠤᠬᠤ︾᠂ ︽ᠬᠠᠷᠢᠴᠠᠭ᠎ᠠ ᠪᠠᠷ ᠪᠠᠲᠣᠯᠠᠭ᠎ᠠ ᠣᠯᠭᠤᠬᠤ︾ ᠵᠡᠷᠭᠡ ᠲᠥᠪ ᠪᠤᠰᠤ ᠰᠤᠷᠲᠠᠯ ᠢ | ᠴᠡᠭᠴᠡᠯᠡᠨ ᠵᠠᠰᠠᠬᠤ ᠶᠢ ᠭᠦᠨᠵᠡᠭᠡᠶ ᠦᠷᠭᠦᠯᠵᠢᠯᠡᠨ ᠥᠷᠨᠢᠭᠦᠯᠵᠦ᠂ ᠦᠨᠳᠦᠰᠦᠨ ᠵᠦᠢᠯ ᠢ ᠪᠠᠲᠤᠯᠠᠵᠤ᠂ ᠦᠨᠳᠦᠰᠦᠨ | ᠵᠦᠢᠯ ᠢ ᠣᠨᠣᠪᠴᠢᠲᠠᠶ ᠪᠠᠲᠤᠯᠠᠵᠤ᠂ ᠦᠨᠳᠦᠰᠦᠨ ᠵᠦᠢᠯ ᠢ ᠰᠠᠶᠢᠲᠤᠷ ᠪᠠᠲᠤᠯᠠᠬᠤ ᠬᠡᠷᠡᠭᠲᠡᠶ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠦᠭᠦᠭᠡᠷᠦᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠬᠤᠰᠢᠭᠤ ᠪᠠᠯᠭᠠᠰᠤ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠪᠠᠶᠢᠭᠤᠯᠤᠯᠲᠠ ᠶᠢ | ᠠᠬᠢᠭᠤᠯᠵᠤ᠂ ᠰᠤᠮᠤ ᠪᠠᠯᠭᠠᠰᠤ ᠲᠠᠯᠠᠪᠠᠶ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ᠶᠢᠨ ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃ | ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠪᠠᠷ | ᠭᠤᠤᠯᠳᠠᠯᠭ᠎ᠠ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠴᠢᠳᠠᠯ ᠲᠡᠩᠬᠡᠭᠡ ᠪᠠᠨ ᠠᠯᠳᠠᠭᠰᠠᠨ | ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠶᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠵᠢᠴᠢ | ᠨᠠᠰᠤᠲᠠᠶᠢᠴᠤᠳ ᠤᠨ ᠬᠡᠷ ᠪᠦᠯᠢ ᠳᠤ ᠬᠦᠷᠭᠡᠬᠦ ᠶᠢ ᠠᠬᠢᠭᠤᠯᠬᠤ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠥᠷᠥᠯ ᠬᠦᠷᠢᠶ᠎ᠡ | ᠴᠠᠷᠠᠭ᠎ᠠ ᠠᠯᠤᠰᠯᠠᠭᠰᠠᠨ ᠴᠢᠳᠠᠪᠤᠷᠢᠲᠠᠨ ᠢ ᠨᠠᠰᠤᠵᠢᠯ ᠤᠨ ᠠᠰᠠᠷᠠᠮᠵᠢ ᠶᠢᠨ ᠠᠵᠢᠯ ᠲᠥᠷᠥᠯ ᠲᠡᠶᠢᠰᠢ ᠰᠢᠯᠵᠢᠭᠦᠯᠵᠦ᠂ | ᠲᠤᠰᠬᠠᠶ ᠲᠤᠰᠢᠶᠠᠯᠲᠤ᠂ ᠲᠤᠰᠢᠶᠠᠯ ᠬᠠᠪᠰᠤᠷᠭᠠᠭᠰᠠᠨ ᠪᠠ ᠰᠠᠶᠢᠨ ᠲᠤᠷᠠᠴᠤᠳ ᠤᠨ ᠨᠡᠶᠢᠯᠡᠮᠡᠯ ᠬᠦᠴᠦᠨ ᠢ | ᠪᠦᠷᠢᠯᠳᠦᠭᠦᠯᠬᠦ ᠬᠡᠷᠡᠭᠲᠡᠶ᠃ ︽ᠪᠤᠭᠤᠷᠤᠯᠴᠤᠳ ᠤᠨ ᠠᠵᠤ ᠠᠬᠤᠢ︾ ᠶᠢ ᠬᠥᠭᠵᠢᠭᠦᠯᠵᠦ᠂ ᠢᠳᠡᠵᠦ ᠡᠮᠦᠰᠬᠦ | ᠶᠠᠪᠤᠵᠤ ᠰᠠᠭᠤᠬᠤ᠂ ᠰᠣᠶᠣᠯ ᠰᠤᠷᠭᠠᠨ ᠬᠥᠮᠦᠵᠢᠯ ᠵᠤᠭ᠎ᠠ ᠴᠡᠩᠭᠡᠯ᠂ ᠡᠮᠴᠢᠯᠡᠭᠡ ᠰᠤᠪᠢᠯᠠᠯᠲᠠ ᠡᠷᠡᠭᠦᠯ ᠬᠠᠮᠠᠭᠠᠯᠠᠯ | ᠵᠡᠷᠭᠡ ᠭᠤᠣᠯ ᠰᠡᠳᠦᠪ ᠤᠨ ᠲᠣᠭᠤᠷᠢᠨ ᠳᠤ ᠦᠢᠯᠡᠳᠬᠦ ᠦᠢᠯᠡᠰ ᠪᠣᠯᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠰᠢᠨ᠎ᠡ ᠶᠢ ᠡᠭᠦᠳᠬᠦ ᠲᠠᠯᠳᠠ ᠬᠦᠴᠦᠨ ᠢ ᠶᠡᠭᠡ ᠪᠠᠷ ᠠᠭᠤᠳᠠᠯᠵᠤ᠂ ᠨᠠᠰᠤᠲᠠᠶᠢᠴᠤᠳ ᠲᠤ ᠡᠯ᠎ᠡ | ᠲᠦᠷᠦᠯ ᠤᠨ ᠴᠢᠨᠠᠷ ᠰᠠᠶᠢᠲᠠᠢ ᠦᠢᠯᠡᠳᠬᠦᠨ ᠪᠣᠯᠤᠨ ᠦᠢᠯᠡᠴᠢᠯᠡᠭᠡ ᠬᠠᠩᠭᠠᠬᠤ ᠬᠡᠷᠡᠭᠲᠡᠢ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠬᠠᠮᠢᠶᠠᠷᠤᠯᠲᠠ ᠪᠠᠨ ᠲᠠᠰᠤᠷᠠᠯᠲᠠ ᠥᠬᠡᠶ | ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠴᠤ᠂ ᠦᠢᠯᠡᠴᠢᠯᠡᠭᠡᠨ ᠤ ᠠᠵᠢᠯᠯᠠᠭ᠎ᠠ ᠪᠠᠨ ᠵᠢᠷᠤᠮᠵᠢᠭᠤᠯᠤᠨ᠂ | ᠲᠦᠭᠰᠢᠭᠦᠷᠢ ᠠᠴᠠ ᠵᠦᠶ ᠵᠣᠬᠢᠰᠲᠠᠶ ᠵᠠᠶᠢᠯᠠᠵᠤ᠂ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠵᠦ᠂ ᠲᠦᠭᠰᠢᠭᠦᠷᠢ ᠶᠢ | ᠰᠡᠷᠭᠡᠶᠢᠯᠡᠬᠦ ᠤᠬᠠᠮᠰᠠᠷ ᠪᠠ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠤᠨ | ᠦᠨᠳᠦᠰᠦᠨ ᠠᠮᠢᠳᠤᠷᠠᠯ᠂ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ᠂ ᠰᠡᠳᠬᠢᠴᠡ ᠶᠢᠨ ᠡᠷᠡᠭᠦᠯ ᠮᠡᠨᠳᠦ᠂ | ᠬᠠᠶᠢᠷ᠎ᠠ ᠬᠠᠯᠠᠮᠵᠢ ᠶᠢᠨ ᠦᠢᠯᠡᠴᠢᠯᠡᠭᠡ ᠵᠡᠷᠭᠡ ᠡᠯ᠎ᠡ ᠲᠠᠯ᠎ᠠ ᠶᠢᠨ ᠬᠢᠨ ᠢ ᠣᠨᠣᠴᠠᠲᠠᠢ ᠪᠠᠲᠤᠯᠠᠵᠤ᠂ ᠦᠨᠳᠦᠰᠦᠨ | ᠠᠮᠢᠳᠤᠷᠠᠯ ᠤᠨ ᠵᠠᠷᠤᠳᠠᠯ ᠢ ᠴᠠᠭ ᠲᠤᠬᠠᠶ ᠳᠤᠨᠢ᠂ ᠭᠦᠢᠴᠡᠳ ᠣᠯᠭᠤᠵᠤ᠂ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠢ ᠶᠡᠷᠦᠩᠬᠡᠶᠢᠯᠡᠨ ᠬᠡᠷᠡᠭᠯᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ | ᠮᠡᠨᠳᠦ ᠶᠢᠨ ᠲᠦᠪᠰᠢᠨ ᠪᠣᠯᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠠᠷᠠᠳ ᠲᠤ | ᠠᠰᠢᠭ ᠬᠦᠷᠲᠡᠭᠡᠬᠦ ᠣᠷᠣᠰᠢᠭᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠲᠦᠷᠦᠯ ᠵᠦᠢᠯ ᠢ ᠪᠠᠭᠠᠰᠬᠠᠵᠤ | ᠰᠦᠢᠳᠬᠡᠯ ᠢ ᠪᠠᠭᠤᠷᠠᠭᠤᠯᠬᠤ ᠦᠢᠯᠡᠴᠢᠯᠡᠭᠡ︾ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠤᠯᠠᠨ ᠲᠦᠮᠡᠨ ᠤ | ︽ᠬᠤᠶᠢᠲᠤᠬᠢ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠬᠤᠷᠢᠭ᠎ᠠ | ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠪᠣᠯᠤᠨ ᠳᠠᠯᠳᠠ | ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ | ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢ ᠲᠦᠷᠭᠡᠨ ᠠᠷᠢᠯᠭᠠᠵᠤ᠂ ᠬᠠᠮᠢᠶᠠᠷᠤᠯᠲᠠ ᠶᠢᠨ ᠳᠣᠲᠠᠭᠳᠠᠯ ᠢ | ᠨᠥᠬᠦᠪᠥᠷᠢᠯᠡᠵᠦ᠂ ᠬᠦᠨᠳᠦ ᠶᠡᠭᠡ ᠠᠮᠤᠷ ᠲᠦᠪᠰᠢᠨ ᠤ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ | ᠃ ᠠᠷᠠᠳ ᠲᠤ ᠠᠰᠢᠭ ᠬᠦᠷᠲᠡᠭᠡᠬᠦ ᠲᠤᠰᠠᠯᠠᠮᠵᠢ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠣᠯᠤᠨ ᠺᠠᠳ᠋ᠷ ᠤᠨ | ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠶᠣᠯᠭᠦᠢ ᠪᠥᠭᠡᠳ | ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ |