ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠢᠨ ᠨᠥᠬᠦᠪᠥᠷᠢ ᠥᠭᠬᠦ ᠭᠤᠤᠯᠳᠠᠯᠭ᠎ᠠ ᠲᠠᠢ ᠲᠠᠷᠢᠶᠠᠯᠠᠩ ᠤᠨ ᠮᠠᠰᠢᠨ ᠪᠠᠭᠠᠵᠢ ᠶᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2025/3/11
    ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠳᠦᠷᠢᠮᠵᠢᠭᠦᠯᠦᠨ ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 2 ᠰᠠᠷ᠎ᠠ ᠶᠢᠨ 26  ᠤ ᠡᠳᠦᠷ ᠠᠴᠠ 3 ᠰᠠᠷ᠎ᠠ ᠶᠢᠨ 7  ᠤ ᠡᠳᠦᠷ ᠪᠣᠯᠲᠠᠯ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠠᠵᠢᠯᠯᠠᠬᠤ ᠳᠤᠭᠤᠶᠢᠯᠠᠩ ᠵᠣᠬᠢᠶᠠᠨ ᠪᠠᠶᠢᠭᠤᠯᠵᠤ᠂ ᠤᠷᠢᠳ ᠬᠤᠵᠢᠳ ᠴᠢᠪᠠᠭᠠᠲᠣ ᠰᠤᠮᠤ᠂ ᠦᠷᠭᠡᠨᠲᠠᠯ᠎ᠠ ᠮᠠᠯᠵᠢᠯ ᠤᠨ ᠲᠠᠯᠠᠪᠠᠶ᠂ ᠰᠢᠶᠠᠩᠱᠠᠨ ᠲᠠᠷᠢᠶᠠᠯᠠᠩ ᠤᠨ ᠲᠠᠯᠠᠪᠠᠶ᠂ ᠤᠯᠠᠭᠠᠨᠬᠠᠳᠠ ᠰᠤᠮᠤ ᠪᠣᠯᠤᠨ ᠪᠠᠶᠠᠷᠲᠤᠬᠤᠰᠢᠭᠤ ᠪᠠᠯᠭᠠᠰᠤ ᠵᠡᠷᠭᠡ  ᠭᠠᠵᠠᠷ ᠲᠤ ᠬᠦᠷᠴᠦ᠂ ᠨᠥᠬᠦᠪᠥᠷᠢ ᠥᠭᠬᠦ ᠭᠤᠤᠯᠳᠠᠯᠭ᠎ᠠ ᠲᠠᠢ ᠲᠠᠷᠢᠶᠠᠯᠠᠩ ᠤᠨ ᠮᠠᠰᠢᠨ ᠪᠠᠭᠠᠵᠢ ᠶᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠪᠠ᠃    ᠲᠣᠰ ᠤᠳᠠᠭᠠᠨ ᠤ ᠬᠠᠷᠭᠤᠭᠤᠯᠤᠨ ᠪᠠᠶᠢᠴᠠᠭᠠᠬᠤ ᠠᠵᠢᠯ ᠨᠢ ᠭᠤᠤᠯᠳᠠᠭᠤ ᠨᠥᠬᠦᠪᠥᠷᠢ ᠶᠢᠨ ᠮᠦᠩᠬᠦ ᠨᠢ ᠨᠡᠯᠢᠶᠡᠳ ᠥᠨᠳᠥᠷ᠂ ᠨᠢᠭᠡ ᠬᠥᠮᠦᠨ ᠣᠯᠠᠨ ᠰᠠᠤᠷᠢ ᠮᠠᠰᠢᠨ ᠵᠡᠷᠭᠡ ᠬᠠᠩᠭᠠᠯᠭ᠎ᠠ ᠬᠡᠷᠡᠭᠴᠡᠭᠡᠨ ᠤ ᠵᠥᠷᠢᠴᠡᠯ ᠲᠣᠪᠤᠶᠢᠮ᠎ᠠ ᠪᠠᠶᠢᠬᠤ ᠵᠢᠴᠢ ᠣᠯᠠᠨ ᠲᠦᠮᠡᠨ ᠤ ᠬᠠᠷᠢᠭᠤ ᠲᠤᠰᠬᠠᠭᠰᠠᠨ ᠶᠠᠰᠤ ᠴᠢᠨᠠᠷ ᠤᠨ ᠳᠠᠯᠳᠠ ᠬᠡᠮ ᠣᠷᠣᠰᠢᠵᠤ ᠪᠠᠶᠢᠭ᠎ᠠ ᠮᠠᠰᠢᠨ ᠪᠠᠭᠠᠵᠢ ᠳᠤ ᠠᠩᠬᠠᠷᠤᠯ ᠢᠶᠠᠨ  ᠲᠦᠪᠯᠡᠷᠡᠭᠦᠯᠪᠡ᠃ ᠠᠵᠢᠯᠲᠠᠳ ᠠᠴᠠ ︽ᠬᠥᠮᠦᠨ᠂ ᠮᠠᠰᠢᠨ᠂ ᠫᠠᠶᠢᠰᠠ ᠶᠢ ᠬᠠᠷᠭᠤᠭᠤᠯᠬᠤ︾ ᠵᠠᠷᠴᠢᠮ ᠢ ᠴᠢᠩᠭ᠎ᠠ ᠵᠢᠷᠤᠮᠯᠠᠨ᠂ ᠮᠠᠰᠢᠨ ᠤ ᠡᠵᠡᠨ ᠤ ᠮᠡᠳᠡᠭᠡ ᠵᠠᠩᠭᠢ ᠶᠢ ᠬᠢᠨᠠᠮᠠᠭᠠᠶ ᠬᠢᠨᠠᠨ ᠬᠠᠷᠭᠤᠭᠤᠯᠵᠤ᠂ ᠮᠠᠰᠢᠨ ᠬᠤᠳᠠᠯᠳᠤᠨ ᠠᠪᠤᠭᠴᠢ ᠬᠢᠭᠡᠳ ᠮᠡᠳᠡᠭᠦᠯᠦᠭᠰᠡᠨ ᠮᠠᠲ ᠧᠷᠢᠶᠠᠯ ᠤᠨ ᠨᠢᠭᠡᠳᠦᠯᠲᠡᠶ ᠪᠠᠶᠢᠬᠤ ᠶᠢ ᠦᠨᠡᠨᠬᠦ ᠪᠠᠲᠣᠯᠠᠪᠠ᠃ ᠦᠢᠯᠡᠳᠪᠦᠷᠢᠯᠡᠯ ᠤᠨ ᠠᠵᠤ ᠠᠬᠤᠶᠢᠯᠠᠯ᠂ ᠦᠢᠯᠡᠳᠪᠦᠷᠢ ᠠᠴᠠ ᠭᠠᠷᠬᠤ ᠳ᠋ᠤᠭᠠᠷ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠨ ᠬᠠᠷᠭᠤᠭᠤᠯᠵᠤ᠂ ᠮᠡᠳᠡᠭᠡ ᠵᠠᠩᠭᠢ ᠶᠢᠨ ᠣᠨᠣᠪᠴᠢᠲᠤ ᠴᠢᠨᠠᠷ ᠪᠠ ᠦᠨᠡᠨ ᠪᠣᠳᠠᠲᠤ ᠴᠢᠨᠠᠷ ᠢ ᠪᠠᠲᠣᠯᠠᠪᠠ᠃ ᠡᠭᠦᠨ ᠤ ᠬᠠᠮᠲᠤ ᠲᠠᠷᠢᠶᠠᠴᠢᠨ ᠮᠠᠯᠴᠢᠳ ᠲᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠬᠠᠤᠯᠢ ᠲᠣᠭᠲᠠᠭᠠᠯ ᠢ ᠤᠬᠠᠭᠤᠯᠵᠤ᠂ ᠨᠥᠬᠦᠪᠥᠷᠢ ᠭᠤᠶᠤᠴᠢᠯᠠᠬᠤ ᠴᠤᠪᠤᠷᠠᠯ ᠢ ᠣᠶᠢᠯᠠᠭᠠᠭᠤᠯᠤᠨ᠂ ᠲᠠᠷᠢᠶᠠᠴᠢᠨ ᠮᠠᠯᠴᠢᠳ ᠤᠨ ᠲᠤᠰ ᠪᠡᠶ᠎ᠡ ᠶᠢᠨ ᠡᠷᠬᠡ ᠠᠰᠢᠭ ᠢᠶᠠᠨ ᠵᠥᠪ ᠢᠶᠠᠷ ᠬᠠᠮᠠᠭᠠᠯᠠᠬᠤ ᠶᠢ ᠬᠦᠲᠦᠯᠦᠨ ᠵᠢᠯᠣᠭᠤᠳᠴᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠨᠢ ᠥᠷᠭᠡᠨ ᠣᠯᠠᠨ ᠲᠠᠷᠢᠶᠠᠴᠢᠨ ᠮᠠᠯᠴᠢᠳ ᠲᠤ ᠦᠨᠡᠨᠬᠦ ᠠᠰᠢᠭ ᠬᠦᠷᠲᠡᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠢᠨ ᠨᠥᠬᠦᠪᠥᠷᠢ ᠥᠭᠬᠦ ᠲᠠᠷᠢᠶᠠᠯᠠᠩ ᠤᠨ ᠮᠠᠰᠢᠨ ᠪᠠᠭᠠᠵᠢ ᠶᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠠᠵᠤ ᠠᠬᠤᠢᠯᠠᠯᠯ ᠢ ᠢᠳᠡᠪᠬᠢᠲᠡᠶ ᠤᠷᠢᠶᠠᠯᠠᠨ ᠨᠥᠬᠦᠪᠥᠷᠢ ᠥᠭᠬᠦ ᠭᠤᠤᠯᠳᠠᠯᠭ᠎ᠠ ᠲᠠᠢ ᠲᠠᠷᠢᠶᠠᠯᠠᠩ ᠤᠨ ᠮᠠᠰᠢᠨ ᠪᠠᠭᠠᠵᠢ ᠶᠢ ᠬᠢᠨᠠᠨ ᠰᠢᠯᠭᠠᠬᠤ ᠠᠵᠢᠯ ᠳᠤ ᠣᠷᠣᠯᠴᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠮᠠᠰᠢᠨ ᠪᠠᠭᠠᠵᠢ ᠶᠢ ᠬᠢᠨᠠᠨ ᠰᠢᠯᠭᠠᠬᠤ ᠠᠵᠢᠯ ᠥᠷᠨᠢᠭᠦᠯᠵᠦ ᠂ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号