2025 ᠣᠨ ᠤ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/3/12
     3 ᠰᠠᠷ᠎ᠠ ᠶᠢᠨ 10 ᠤ ᠡᠳᠦᠷ᠂ ᠵᠠᠷᠤᠳ ᠬᠤᠰᠢᠭᠤ 2025 ᠣᠨ ᠤ ᠡᠳ᠋ ᠤᠨ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠢ ᠡᠷᠭᠢᠴᠡᠭᠦᠯᠦᠨ ᠳ᠋ᠦᠩᠨᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠪᠠᠯᠠ ᠮᠥᠩᠭᠦ ᠶᠢᠨ ᠪᠠᠲᠤᠯᠠᠭ᠎ᠠ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠵᠡᠷᠭᠡ ᠲᠠᠯ᠎ᠠ ᠪᠠᠷ ᠡᠮᠬᠢᠯᠡᠨ ᠳᠢᠭᠯᠡᠵᠦ᠂ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠪᠠᠭ ᠤᠨ ᠭᠡᠰᠢᠭᠦᠨ᠂ ᠡᠯ᠎ᠡ ᠲᠠᠰᠤᠭ ︵ᠲᠥᠪ︶ ᠤᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      
微信图片_20250312093644.jpg
     ᠬᠤᠷᠠᠯ ᠠᠴᠠ ᠵᠢᠭᠠᠪᠤᠷᠢᠯᠠᠭᠰᠠᠨ  ᠨᠢ᠂ 2024 ᠣᠨ ᠳᠤ ᠪᠥᠬᠦ ᠬᠤᠰᠢᠭᠤᠨ ᠤ ᠡᠳ᠋ ᠤᠨ ᠵᠠᠰᠠᠭ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢᠳᠡᠪᠬᠢᠲᠡᠶ ᠠᠬᠢᠴᠠ ᠲᠠᠢ ᠪᠣᠯᠵᠣ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠤᠨ᠎ᠠ᠃ ᠪᠥᠬᠦ ᠬᠤᠰᠢᠭᠤᠨ ᠤ ᠡᠳ᠋ ᠤᠨ ᠵᠠᠰᠠᠭ ᠤᠨ ᠰᠢᠰᠲ᠋ᠧᠮ ᠤᠨ ᠬᠢᠨ ᠣᠳᠣᠬᠠᠨ ᠤ ᠪᠠᠶᠢᠳᠠᠯ ᠢ ᠭᠦᠨᠵᠡᠭᠡᠶ ᠲᠠᠨᠢᠵᠤ᠂ ᠡᠨᠡ ᠵᠢᠯ ᠤᠨ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠤᠨ ᠭᠤᠤᠯᠳᠠᠯᠭ᠎ᠠ ᠶᠢ ᠭᠦᠢᠴᠡᠳ ᠡᠵᠡᠮᠳᠡᠵᠦ᠂ ︽ᠭᠤᠷᠪᠠ ᠶᠢ ᠪᠠᠲᠤᠯᠠᠬᠤ︾ ᠦᠨᠳᠤᠰᠤᠨ ᠱᠤᠭᠤᠮ ᠢ ᠪᠠᠲᠤ ᠰᠠᠬᠢᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ ᠨᠠᠩ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠬᠤ ᠡᠳ᠋ ᠤᠨ ᠵᠠᠰᠠᠭ ᠤᠨ ᠡᠭᠦᠷᠭᠡᠯᠡᠯ ᠢᠶᠠᠷ ︽ᠲᠠᠪᠤᠨ ᠶᠡᠭᠡ ᠡᠭᠦᠷᠭᠡ︾ ᠶᠢ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢ ᠳᠡᠮᠵᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠶᠢ ᠳᠣᠪᠤᠶᠢᠯᠭᠠᠨ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠶ︔ ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠲᠤᠳᠬᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠶᠡᠭᠡ ᠲᠠᠯ᠎ᠠ ᠶᠢ ᠦᠷᠭᠦᠯᠵᠢᠯᠡᠨ ᠲᠣᠭᠲᠠᠪᠤᠷᠢᠵᠢᠭᠤᠯᠵᠤ ᠭᠤᠤᠯᠳᠠᠯᠭ᠎ᠠ ᠶᠢ ᠪᠠᠲᠤᠯᠠᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      
微信图片_20250312093638.jpg
    ᠬᠤᠷᠠᠯ ᠠᠴᠠ᠂ ᠥᠭᠡᠷᠡᠴᠢᠯᠡᠯᠲᠡ ᠪᠠᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠵᠤ᠂ ︽ᠭᠤᠷᠪᠠ ᠶᠢ ᠪᠠᠲᠤᠯᠠᠬᠤ︾ ᠦᠨᠳᠤᠰᠤᠨ ᠱᠤᠭᠤᠮ ᠢ ᠦᠨᠡᠨᠬᠦ ᠰᠠᠬᠢᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠬᠦᠷᠢᠶᠡᠨ ᠤ ᠠᠶᠤᠯ ᠲᠦᠭᠰᠢᠭᠦᠷᠢ ᠶᠢ ᠲᠣᠬᠢᠲᠠᠢ ᠰᠢᠢᠳᠪᠦᠷᠢᠯᠡᠬᠦ ᠬᠡᠷᠡᠭᠲᠡᠢ︔ ᠨᠢᠭᠲᠠ ᠠᠴᠠ ᠨᠢᠭᠲᠠ ᠪᠠᠶᠢᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠪᠡᠯᠡ ᠮᠥᠩᠭᠦ ᠶᠢᠨ ᠠᠮᠤᠷ ᠲᠦᠪᠰᠢᠨ ᠤ ᠬᠠᠰᠢᠯᠭ᠎ᠠ ᠶᠢ ᠴᠢᠩᠭ᠎ᠠ ᠰᠠᠬᠢᠵᠤ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠶᠢ ᠭᠦᠨᠵᠡᠭᠡᠶᠢᠷᠡᠭᠦᠯᠵᠦ᠂ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃   ᠬᠤᠷᠠᠯ ᠳᠡᠭᠡᠷ᠎ᠡ᠂ ᠬᠤᠰᠢᠭᠤᠨ ᠤ ᠡᠳ᠋ ᠤᠨ ᠵᠠᠰᠠᠭ ᠤᠨ ᠰᠢᠰᠲ᠋ᠧᠮ ᠤᠨ ᠡᠯ᠎ᠡ ᠲᠠᠰᠤᠭ ᠤᠨ ᠬᠢᠨ 2024 ᠣᠨ ᠤ ᠡᠯ᠎ᠡ ᠵᠦᠢᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号