ᠵᠠᠷᠤᠳ ᠬᠤᠰᠢᠭᠤ ︽ᠲᠦᠷᠦᠭᠦᠤ ᠤᠳᠤᠷᠢᠳᠤᠯᠭ᠎ᠠ︾ ᠶᠢᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠵᠢᠴᠢ 2025 ᠣᠨ ᠤ ᠨᠠᠮ ᠤᠨ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/3/12
    3 ᠰᠠᠷ᠎ᠠ ᠶᠢᠨ 11 ᠤ ᠡᠳᠦᠷ᠂ ᠵᠠᠷᠤᠳ ᠬᠤᠰᠢᠭᠤ ︽ᠲᠦᠷᠦᠭᠦᠤ ᠤᠳᠤᠷᠢᠳᠤᠯᠭ᠎ᠠ︾ ᠶᠢᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠵᠢᠴᠢ 2025 ᠣᠨ ᠤ ᠨᠠᠮ ᠤᠨ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ︶ ᠶᠢᠨ ᠵᠠᠬᠢᠷᠤᠯ ᠱᠣᠤ ᠶᠠᠨ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠶ ᠬᠤᠷᠠᠯ ᠡᠷᠭᠢᠯᠡᠪᠡ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠤᠨ ᠭᠡᠰᠢᠬᠦᠨ ᠵᠢᠴᠢ ᠪᠥᠬᠦ ᠪᠠᠭᠰᠢ ᠠᠵᠢᠯᠲᠠᠨ ᠠᠵᠢᠯᠴᠢᠨ ᠬᠤᠷᠠᠯ ᠳᠤ ᠤᠷᠤᠯᠴᠪᠠ᠃     
微信图片_20250312093615.jpg
    ᠱᠤᠤ ᠶᠠᠨ ᠵᠢᠶᠦ᠋ᠨ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠬᠦ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠭᠦᠢᠴᠡᠳᠭᠡᠭᠴᠢ ᠪᠤᠯᠵᠤ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠣᠯᠤᠨ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠲᠤᠰ ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠰᠢᠨ᠎ᠡ ᠥᠷᠢᠰᠥᠯᠳᠦᠭᠡᠨ᠂ ᠰᠢᠨ᠎ᠡ ᠡᠭᠦᠷᠭᠡ ᠶᠢᠨ ᠡᠮᠦᠨ᠎ᠡ᠂ ︽ᠲᠦᠷᠦᠭᠦᠤ ᠤᠳᠤᠷᠢᠳᠤᠯᠭ᠎ᠠ︾ ᠡᠷᠬᠡᠪᠰᠢ ᠰᠢᠨ᠎ᠡ ᠮᠡᠳᠡᠯᠭᠡ᠂ ᠰᠢᠨ᠎ᠡ ᠤᠷ᠎ᠠ ᠴᠢᠳᠠᠪᠤᠷᠢ ᠶᠢ ᠲᠠᠰᠤᠷᠠᠯᠲᠠ ᠥᠬᠡᠶ ᠰᠤᠷᠤᠯᠴᠠᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠬᠦᠴᠢᠷ ᠪᠡᠷᠬᠡᠰᠢᠶᠡᠯ ᠳᠤ ᠰᠢᠭᠤᠳ ᠬᠠᠨᠳᠤᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠪᠠᠭ ᠤᠨ ᠭᠡᠰᠢᠭᠦᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠳᠠᠶᠢᠴᠢᠯᠠᠬᠤ ᠳᠠᠭᠠᠨ ᠴᠢᠳᠠᠮᠠᠭᠠᠢ ᠪᠠᠶᠢᠵᠤ᠂ ᠪᠠᠭ ᠤᠨ ᠭᠡᠰᠢᠭᠦᠨ ᠢ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠪᠡᠷ ᠦᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠪᠡᠷ ᠦᠪᠡᠷ ᠤᠨ ᠴᠢᠳᠠᠪᠤᠷᠢ ᠶᠢ ᠨᠢ ᠪᠠᠳᠠᠷᠠᠭᠤᠯᠬᠤ ᠬᠡᠷᠡᠭᠲᠡᠢ᠃ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠦᠨᠳᠦᠷᠴᠡ ᠠᠴᠠ ᠠᠵᠢᠯ ᠢᠶᠠᠨ ᠲᠥᠯᠥᠪᠵᠢᠭᠦᠯᠬᠦ᠂ ᠠᠵᠢᠯ ᠦᠢᠯᠡᠰ ᠢᠶᠠᠨ ᠠᠬᠢᠭᠤᠯᠬᠤ ᠤᠬᠠᠮᠰᠠᠷ ᠢ ᠪᠤᠢ ᠪᠣᠯᠭᠠᠵᠤ᠂ ᠤᠴᠢᠷ ᠶᠠᠪᠤᠳᠠᠯ ᠢ ᠪᠣᠳᠣᠯᠬᠢᠯᠠᠬᠤ ᠳᠠᠭᠠᠨ ᠤᠯᠤᠰ ᠲᠦᠷᠦ ᠶᠢᠨ ᠪᠠᠷᠢᠮᠵᠢᠶ᠎ᠠ ᠶᠢ ᠢᠯᠡᠭᠦᠬᠡᠨ ᠪᠣᠳᠣᠯᠬᠢᠯᠠᠵᠤ᠂ ᠤᠴᠢᠷ ᠶᠠᠪᠤᠳᠠᠯ ᠰᠢᠢᠳᠪᠦᠷᠢᠯᠡᠬᠦ ᠳᠤ ᠤᠯᠤᠰ ᠲᠦᠷᠦ ᠶᠢᠨ ᠱᠠᠭᠠᠷᠳᠠᠯᠭ᠎ᠠ ᠶᠢ ᠢᠯᠡᠭᠦᠬᠡᠨ ᠪᠣᠳᠣᠯᠬᠢᠯᠠᠵᠤ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠢᠯᠡᠭᠦᠬᠡᠨ ᠤᠯᠤᠰ ᠲᠦᠷᠦ ᠶᠢᠨ ᠨᠥᠯᠥᠭᠡ ᠶᠢ ᠪᠣᠳᠣᠯᠬᠢᠯᠠᠵᠤ᠂ ᠤᠯᠤᠰ ᠲᠦᠷᠦ ᠶᠢ ᠡᠷᠬᠢᠮᠯᠡᠬᠦ ᠶᠢ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨᠬᠦ ᠲᠤᠤᠱᠯᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠰᠤᠷᠤᠯᠴᠠᠭᠴᠢ ᠣᠨᠣᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠭᠦᠨᠵᠡᠭᠡᠶ ᠰᠤᠷᠤᠯᠴᠠᠬᠤ ᠪᠠᠷ ᠳᠠᠮᠵᠢᠭᠤᠯᠤᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ ᠬᠡᠷᠡᠭᠲᠡᠶ᠃ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠬᠤᠭᠤᠴᠠᠭᠠᠨ ᠳᠠᠬᠢ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠤᠨ ᠵᠢᠱᠢᠶ᠎ᠡ ᠠᠴᠠ ᠨᠠᠷᠢᠨ ᠬᠢᠨᠠᠮᠠᠭᠠᠢ ᠰᠤᠷᠭᠠᠮᠵᠢ ᠠᠪᠴᠤ᠂ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ ᠤᠨ ᠡᠯ᠎ᠡ ᠵᠦᠢᠯ ᠤᠨ ᠲᠦᠷᠢᠮ ᠪᠠ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠰᠠᠶᠢᠨ ᠰᠠᠶᠢᠬᠠᠨ ᠠᠵᠢᠯ ᠤᠨ ᠰᠤᠷᠲᠠᠯ ᠢ ᠪᠤᠢ ᠪᠣᠯᠭᠠᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢ ᠪᠠᠲᠤᠯᠠᠬᠤ ᠬᠡᠷᠡᠭᠲᠡᠢ᠃ ᠢᠳᠡᠪᠬᠢᠲᠡᠶ ᠪᠠᠷ ᠥᠭᠡᠳᠡᠯᠡᠨ ᠳᠠᠪᠰᠢᠬᠤ ᠰᠤᠷᠤᠯᠴᠠᠯᠭ᠎ᠠ ᠶᠢᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ᠰᠤᠷᠤᠯᠴᠠᠯᠭ᠎ᠠ ᠪᠣᠯᠪᠠᠰᠤᠷᠠᠭᠤᠯᠤᠯ ᠤᠨ ᠰᠠᠶᠢᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠵᠢᠱᠢᠭᠰᠡᠨ ᠬᠠᠷᠠᠯᠲᠠ ᠳᠠᠭᠠᠨ ᠬᠦᠷᠬᠦ ᠭᠡᠷᠡᠭᠳᠠᠢ ᠭᠡᠵᠦ ᠱᠠᠭᠠᠷᠳᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号