ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠢᠷᠭᠤᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2025/3/14
     3 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠫᠧᠩ ᠹᠸᠢ ᠵᠢᠷᠭᠤᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠰᠣᠶᠣᠯ ᠤᠨ ᠥᠪ ᠢ ᠬᠠᠮᠠᠭᠠᠯᠠᠬᠤ ᠲᠤᠰᠬᠠᠶ ᠬᠢᠨᠠᠨ ᠪᠠᠶᠢᠴᠠᠭᠠᠯᠲᠠ ᠥᠷᠨᠢᠭᠦᠯᠪᠡ᠃ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠸᠦ ᠭᠦᠸᠧ ᠭᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ ᠬᠤᠤ᠂ ᠳᠡᠳ᠋ ᠬᠤᠰᠢᠭᠤᠨ ᠳᠠᠷᠤᠭ᠎ᠠ ᠬᠤᠤ ᠵᠢᠶᠠᠨ ᠬᠤᠸᠠ ᠵᠢᠴᠢ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠤᠳᠤᠷᠢᠳᠬᠤ ᠪᠠᠭ ᠪᠠᠷ᠎ᠠ ᠪᠣᠯᠪᠠ᠃     ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠠᠯᠲᠠᠨ ᠤᠯᠤᠰ ᠤᠨ ᠪᠤᠷᠣ ᠬᠡᠷᠡᠮ ᠤᠨ ᠬᠥᠬᠡᠨ᠋ᠦ᠋ᠨᠳᠦᠷ ᠪᠣᠷᠣ ᠬᠡᠷᠡᠮ ᠤᠨ 9 ᠬᠡᠰᠡᠭ᠂ ᠦᠯᠢᠭᠡᠷ ᠤᠨ ᠮᠦᠽᠧᠢ᠂ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ᠂ ᠬᠠᠳᠬᠤᠮᠠᠯ ᠤᠨ ᠣᠷᠳᠣᠨ᠂ ᠡᠮᠦᠨ᠎ᠡ ᠪᠤᠯᠠᠭᠲᠣ ᠶᠢᠨ ᠮᠦᠽᠧᠢ ᠵᠡᠷᠭᠡ ᠭᠠᠵᠠᠷ ᠢᠶᠠᠷ ᠭᠦᠨᠵᠡᠭᠡᠶᠢᠷᠡᠨ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠬᠡᠯᠪᠡᠷᠢ ᠪᠠᠷ ᠳᠠᠮᠵᠢᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠠᠰᠢᠭᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠡᠷᠭᠡ ᠠᠷᠪᠠᠨ ᠬᠤᠶᠠᠷ ᠲᠠᠯ᠎ᠠ ᠪᠠᠷ ᠬᠢᠨᠠᠨ ᠪᠠᠶᠢᠴᠠᠭᠠᠪᠠ᠃ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠭᠦᠢᠴᠡᠳ ᠨᠤᠲᠠᠯᠠᠵᠤ᠂ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ᠂ ᠰᠣᠶᠣᠯ ᠤᠨ ᠥᠪ ᠨᠢ ᠭᠡᠷᠡᠯ ᠰᠠᠴᠤᠷᠠᠩᠭᠤᠢ ᠪᠣᠯᠪᠠᠰᠤᠨ ᠢ ᠠᠴᠢᠶᠠᠯᠠᠵᠤ᠂ ᠲᠡᠦᠬᠡ ᠰᠣᠶᠣᠯ ᠢ ᠤᠯᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠠᠭᠠᠯᠠᠵᠤ᠂ ᠲᠠᠬᠢᠨ ᠡᠭᠦᠰᠴᠦ ᠪᠣᠯᠬᠤ ᠦᠭᠡᠢ᠂ ᠣᠷᠣᠯᠠᠭᠤᠯᠵᠤ ᠪᠣᠯᠤᠰᠢ ᠦᠭᠡᠢ ᠡᠷᠬᠢᠮ ᠨᠠᠨᠳᠢᠨ ᠡᠬᠢ ᠪᠠᠶᠠᠯᠢᠭ ᠮᠥᠨ᠃ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠦᠷᠭᠦᠯᠵᠢᠯᠡᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠠᠰᠢᠭᠯᠠᠬᠤ ᠪᠠ ᠬᠠᠭᠤᠴᠢ ᠰᠤᠳᠤᠯᠤᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠵᠠᠷᠤᠳ ᠬᠤᠰᠢᠭᠤ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠳᠤᠷᠠᠳᠤᠭᠰᠠᠨ ᠴᠢᠬᠤᠯᠠ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ᠵᠡᠷᠭᠡ ᠬᠠᠤᠯᠢ ᠲᠣᠭᠲᠠᠭᠠᠯ ᠢ ᠪᠦᠲᠦᠮᠵᠢᠲᠡᠢ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠪᠠᠷ ᠭᠤᠣᠯ ᠰᠢᠵᠢᠮ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠢ ᠳᠡᠭᠡᠭᠰᠢᠯᠡᠭᠦᠯᠬᠦ ᠠᠵᠢᠯᠯᠠᠭᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠣᠲᠠᠭᠳᠠᠯ ᠪᠠ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠬᠤᠰᠢᠭᠤᠨ ᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠠᠵᠢᠯ ᠢ ᠰᠢᠨ᠎ᠡ ᠳᠡᠭᠲᠡᠷ ᠲᠤ ᠭᠠᠷᠭᠠᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号