| 3 ᠰᠠᠷ᠎ᠠ ᠶᠢᠨ 17 ᠤ ᠦᠳᠡ ᠶᠢᠨ ᠬᠤᠶᠢᠨ᠎ᠠ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ | ᠶᠠᠨ ᠵᠢᠶᠦ᠋ᠨ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠢᠵᠦ᠂ 2025 ᠣᠨ ᠤ ᠪᠥᠬᠦ | ᠬᠤᠰᠢᠭᠤᠨ ᠤ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠠᠵᠢᠯ ᠪᠣᠯᠤᠨ ᠣᠶᠢᠷ᠎ᠠ ᠶᠢᠨ ᠬᠤᠭᠤᠴᠠᠭᠠᠨ ᠤ | ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠬᠠᠮᠢᠶ᠎ᠠ | ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠪᠠᠲᠤ᠂ ᠢᠦᠶ ᠯᠢᠩ ᠬᠤᠤ᠂ | ᠬᠤᠤ ᠵᠢᠶᠠᠨ ᠬᠤᠸᠠ᠂ ᠵᠠᠩ ᠯᠢ ᠭᠦᠸᠧ ᠬᠤᠷᠠᠯ ᠵᠢᠴᠢ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ᠂ ᠳᠠᠪᠠᠭᠤᠯᠢᠭ ᠲᠠᠭᠠᠨ ᠰᠠᠭᠤᠷᠢᠯᠠᠨ᠂ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ | ᠣᠨᠴᠠᠯᠢᠭᠲᠤ ᠰᠣᠶᠣᠯ᠂ ᠡᠷᠡᠭᠦᠯᠵᠢᠯ ᠠᠮᠠᠷᠠᠯᠲᠠ᠂ ᠬᠥᠳᠡᠭᠡ ᠲᠣᠰᠬᠤᠨ ᠤ ᠰᠡᠯᠡᠭᠦᠴᠡᠯ ᠵᠢᠴᠢ ᠠᠵᠤ ᠦ᠊ | ᠦᠢᠯᠡᠳᠪᠦᠷᠢ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠶᠢ ᠨᠠᠷᠢᠨ ᠬᠢᠨᠠᠮᠠᠭᠠᠶ᠂ | ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠵᠦ᠂ ᠨᠠᠩ ᠥᠨᠳᠥᠷ ᠲᠦᠪᠰᠢᠨ ᠪᠥᠬᠦᠶ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠪᠠᠶᠢᠷᠢᠰᠢᠯ ᠢ ᠪᠠᠶᠢᠭᠤᠯᠵᠤ᠂ ᠪᠠᠶᠢᠷᠢᠰᠢᠯ ᠨᠢ ᠵᠦᠶ ᠵᠣᠬᠢᠰᠲᠠᠶ᠂ ᠡᠵᠡᠩᠨᠡᠯᠲᠡ ᠶᠢᠨ ᠬᠡᠯᠪᠡᠷᠢ ᠨᠢ | ᠣᠯᠠᠨ ᠡᠰᠢᠵᠢᠭᠰᠡᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠶ᠃ | ᠵᠢᠭᠤᠯᠴᠢᠯᠠᠭᠰᠠᠳ ᠤᠨ ᠬᠤᠨᠣᠭᠯᠠᠬᠤ ᠨᠣᠷᠮ᠎ᠠ᠂ ᠬᠡᠷᠡᠭᠯᠡᠭᠡᠨ ᠤ ᠲᠤᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠵᠢᠭᠤᠯᠴᠢᠯᠠᠯ ᠤᠨ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠬᠦᠷᠢᠶ᠎ᠡ᠂ ᠰᠢᠨ᠎ᠡ | ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠶ ᠥᠷᠭᠡᠳᠬᠡᠵᠦ᠂ ᠣᠨᠴᠠᠯᠢᠭᠲᠣ ᠵᠢᠭᠤᠯᠴᠢᠯᠠᠯ ᠢ ᠪᠤᠵᠠᠭᠠᠶᠢᠷᠠᠭᠤᠯᠵᠤ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠦᠬᠦ ᠬᠡᠯᠬᠢᠶ᠎ᠡ ᠶᠢᠨ ᠣᠷᠲᠣᠳᠬᠠᠯ ᠢ ᠠᠬᠢᠭᠤᠯᠵᠤ᠂ ᠪᠠᠯᠠ | ᠣᠷᠣᠭᠤᠯᠤᠯᠲᠠ ᠶᠢᠨ ᠬᠡᠮᠵᠢᠶ᠎ᠡ᠂ ᠵᠢᠭᠤᠯᠴᠢᠯᠠᠭᠰᠠᠳ ᠤᠨ ᠪᠠᠭᠲᠠᠭᠠᠮᠵᠢ᠂ ᠠᠵᠢᠯ ᠣᠯᠭᠤᠯᠲᠠ ᠶᠢᠨ ᠲᠤᠭ᠎ᠠ | ᠬᠡᠮᠵᠢᠶ᠎ᠡ ᠶᠢ ᠥᠷᠭᠡᠳᠬᠡᠵᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠢᠰᠥᠯᠳᠦᠬᠦ | ᠬᠦᠴᠦᠨ ᠪᠠ ᠠᠵᠤ ᠠᠬᠤᠶ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ᠂ ᠰᠣᠶᠣᠯ ᠤᠨ ᠪᠦᠲᠦᠭᠡᠯᠴᠢ ᠰᠡᠳᠬᠢᠮᠵᠢ᠂ ᠠᠬᠤᠶ | ᠪᠠᠶᠢᠳᠠᠯ ᠢ ᠡᠭᠦᠳᠦᠨ ᠪᠠᠶᠢᠭᠤᠯᠬᠤ ᠪᠠᠷ ᠬᠥᠳᠡᠯᠭᠡᠭᠦᠷ ᠪᠣᠯᠭᠠᠭᠰᠠᠨ ᠣᠲᠣ ᠦᠶ᠎ᠡ ᠶᠢᠨ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠵᠠᠭᠪᠤᠷ ᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠴᠢᠨᠠᠷ | ᠪᠥᠬᠦᠶ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠵᠤ᠂ ᠵᠠᠷᠤᠳ ᠤᠨ ᠣᠨᠴᠠᠯᠢᠭ ᠪᠥᠬᠦᠶ ᠨᠢᠭᠡ | ᠪᠦᠯᠦᠭ ᠪᠡᠯᠭᠡ ᠲᠡᠮᠳᠡᠭ ᠤᠨ ᠴᠢᠨᠠᠷᠲᠠᠶ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠣᠶ ᠪᠣᠯᠭᠠᠵᠤ᠂ ᠨᠢᠭᠡ | ᠪᠦᠯᠦᠭ ᠵᠢᠭᠤᠯᠴᠢᠯᠠᠯ ᠤᠨ ᠰᠦᠯᠵᠢᠶᠡᠨ ᠤ ᠬᠠᠯᠠᠮᠰᠢᠯ ᠭᠠᠵᠠᠷ ᠭᠠᠷᠭᠠᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ | ᠦᠢᠯᠡᠰ ᠤᠨ ᠳᠠᠪᠠᠭᠤᠯᠢᠭ ᠪᠠ ᠬᠥᠭᠵᠢᠯᠲᠡ ᠶᠢᠨ ᠬᠠᠨᠳᠤᠰᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠢ ᠦᠨᠡᠨ ᠬᠦ | ᠴᠢᠩᠭᠠᠳᠬᠠᠵᠤ᠂ ᠬᠥᠭᠵᠢᠯᠲᠡ ᠶᠢᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠴᠢᠳᠠᠮᠵᠢ ᠶᠢᠨ | ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠦᠪᠯᠡᠬᠦ | ᠪᠠ ᠣᠷᠣᠭᠤᠯᠬᠤ ᠪᠠᠨ ᠴᠢᠩᠭᠠᠳᠬᠠᠵᠤ᠂ ᠲᠥᠷᠥᠯ ᠲᠡᠮᠳᠡᠭ ᠤᠨ ᠠᠵᠢᠯᠯᠠᠭ᠎ᠠ ᠪᠠ ᠡᠵᠡᠩᠨᠡᠯᠲᠡ ᠶᠢᠨ ᠪᠠᠶᠢᠳᠠᠯ | ᠲᠥᠯᠥᠪ ᠢ ᠪᠠᠶᠠᠯᠢᠭᠵᠢᠭᠤᠯᠵᠤ᠂ ᠵᠢᠭᠤᠯᠴᠢᠯᠠᠭᠰᠠᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠪᠠ ᠣᠷᠣᠯᠴᠠᠬᠤ | ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ︽ᠡᠵᠡᠩᠨᠡᠯᠲᠡ︾ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠪᠦᠯᠬᠦᠮ ᠨᠢᠭᠡᠴᠢ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠳᠠᠪᠠᠭᠤᠯᠢᠭ ᠣᠨᠴᠠᠯᠢᠭ ᠪᠠ ᠵᠢᠭᠤᠯᠴᠢᠯᠠᠯ ᠤᠨ ᠬᠠᠷᠠᠯᠲᠠᠲᠤ ᠬᠥᠮᠦᠰ ᠢ ᠨᠠᠷᠢᠨ ᠬᠢᠨᠠᠮᠠᠭᠠᠢ ᠵᠠᠳᠠᠯᠵᠤ᠂ ᠰᠣᠶᠣᠯ | ᠵᠢᠭᠤᠯᠴᠢᠯᠠᠯ ᠤᠨ ᠲᠦᠷᠦᠯ ᠵᠦᠢᠯ ᠤᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠡᠵᠡᠩᠨᠡᠯᠲᠡ ᠶᠢᠨ ᠡᠯ᠎ᠡ | ᠭᠤᠭᠴᠤᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠲᠦᠷᠦᠯ ᠵᠦᠢᠯ ᠤᠨ ᠦᠷ᠎ᠡ ᠠᠰᠢᠭ ᠢ ᠲᠦᠷᠭᠡᠨ | ᠪᠠᠳᠠᠷᠠᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠦᠵᠡᠮᠵᠢ ᠶᠢᠨ ᠴᠡᠭ ᠤᠨ ᠳᠠᠯᠳᠠ ᠬᠦᠴᠦᠨ ᠢ ᠭᠦᠢᠴᠡᠳ | ᠠᠭᠤᠳᠠᠯᠵᠤ᠂ ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠦᠷᠭᠦᠯᠵᠢᠯᠡᠨ ᠣᠷᠣᠭᠤᠯᠵᠤ᠂ | ᠣᠨᠴᠠᠯᠢᠭ ᠢᠶᠠᠷ ᠢᠯᠡ ᠲᠣᠳᠣ᠂ ᠲᠠᠲᠠᠬᠤ ᠬᠦᠴᠦᠨ ᠢᠶᠠᠷ ᠴᠢᠩᠭ᠎ᠠ ᠰᠣᠶᠣᠯ ᠵᠢᠭᠤᠯᠴᠢᠯᠠᠯ ᠤᠨ ᠨᠠᠷᠠᠲᠤ ᠲᠥᠷᠥᠯ | ᠲᠡᠮᠳᠡᠭᠲᠦ ᠶᠢ ᠡᠭᠦᠳᠬᠦ ᠬᠡᠷᠡᠭᠲᠡᠶ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ︽ᠢᠳᠡᠬᠦ | ᠬᠤᠨᠣᠬᠤ ᠶᠠᠪᠤᠬᠤ ᠵᠤᠭᠠᠴᠠᠬᠤ ᠬᠤᠳᠠᠯᠳᠤᠨ ᠠᠪᠬᠤ︾ ᠪᠦᠬᠦ ᠡᠯᠧᠮᠧᠨ᠋ᠲ ᠤᠨ ᠶᠠᠰᠤ ᠴᠢᠨᠠᠷ ᠢ ᠳᠡᠭᠡᠭᠰᠢᠯᠡᠭᠦᠯᠦᠨ | ᠲᠡᠰ ᠳᠡᠪᠰᠢᠭᠦᠯᠬᠦ ᠶᠢ ᠠᠬᠢᠭᠤᠯᠵᠤ᠂ ︽ᠥᠩᠭᠡᠷᠡᠬᠦ ᠭᠠᠵᠠᠷ︾ ᠠᠴᠠ ︽ᠵᠣᠷᠢᠭᠰᠠᠨ ᠭᠠᠵᠠᠷ︾ ᠪᠣᠯᠬᠤ | ᠳᠠᠪᠠᠯᠲᠠ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠳᠡᠰ ᠢ | ᠳᠡᠪᠰᠢᠭᠦᠯᠬᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠤᠨ ᠬᠠᠭᠤᠴᠢᠨ ᠢ ᠤᠷᠬᠢᠨ ᠰᠢᠨ᠎ᠡ ᠶᠢ ᠡᠭᠦᠳᠬᠦ ᠶᠢ | ᠶᠡᠭᠡ ᠪᠠᠷ ᠠᠬᠢᠭᠤᠯᠵᠤ᠂ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠴᠠᠭ᠂ ᠪᠦᠬᠦ ᠬᠥᠮᠦᠰ᠂ ᠪᠦᠬᠦ | ᠦᠵᠡᠮᠵᠢᠲᠦ ᠶᠡᠭᠡ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ᠃ | ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠪᠣᠯᠤᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠭᠤᠳᠠᠯᠯᠠᠵᠤ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ | ᠴᠣᠭᠴᠠᠯᠠᠬᠤ ᠪᠠ ᠳᠡᠰ ᠳᠡᠪᠰᠢᠭᠦᠯᠬᠦ ᠶᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ | ᠲᠦᠷᠦᠯ ᠵᠦᠢᠯ ᠤᠨ ᠥᠪᠡᠷᠮᠢᠴᠡ ᠦᠷᠢᠰᠦᠯᠳᠦᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ | ᠱᠠᠭᠠᠷᠳᠠᠪᠠ᠃ |