| ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠬᠡᠳᠦᠢ ᠣᠶᠢᠯᠠᠭᠠᠬᠤ ᠪᠤᠢ — GDP | ① ᠶᠠᠭᠤ ᠶᠢ GDP ᠭᠡᠬᠦ ᠪᠤᠢ︖ | GDP ᠪᠣᠯ ᠵᠠᠬ᠎ᠠ ᠳᠡᠯᠭᠡᠭᠦᠷ ᠤᠨ ᠦᠨ᠎ᠡ ᠪᠠᠷ ᠪᠤᠳᠣᠬᠤ ᠨᠢᠭᠡ ᠤᠯᠤᠰ ︵ᠪᠤᠶᠤ ᠭᠠᠵᠠᠷ ᠣᠷᠣᠨ︶ ᠤᠨ ᠪᠤᠶ | ᠪᠦᠬᠦᠢ ᠪᠠᠶᠢᠩᠭᠤ ᠰᠠᠭᠤᠭ᠎ᠠ ᠨᠢᠭᠡᠴᠡ ᠶᠢᠨ ᠵᠣᠬᠢᠬᠤ ᠬᠤᠭᠤᠴᠠᠭᠠᠨ ᠳᠠᠬᠢ ᠦᠢᠯᠡᠳᠪᠦᠷᠢᠯᠡᠯ ᠤᠨ ᠠᠵᠢᠯᠯᠠᠭ᠎ᠠ ᠶᠢᠨ | ᠡᠴᠦᠰ ᠤᠨ ᠦᠷ᠎ᠡ ᠪᠦᠲᠦᠭᠡᠯ ᠪᠣᠯᠣᠨ᠎ᠠ᠃ GDP ᠶᠢᠨ ᠨᠡᠮᠡᠭᠳᠡᠯ ᠤᠨ ᠬᠤᠷᠳᠤᠴᠠ ᠨᠢ ᠶᠡᠷᠦ ᠳᠡᠭᠡᠨ ᠨᠢᠭᠡ ᠤᠯᠤᠰ | ︵ᠪᠤᠶᠤ ᠭᠠᠵᠠᠷ ᠣᠷᠤᠨ︶ ᠤᠨ ᠠᠵᠤ ᠠᠬᠤᠶ ᠶᠢᠨ ᠬᠥᠭᠵᠢᠯᠲᠡ ᠶᠢᠨ ᠬᠤᠷᠳᠤᠨ ᠤᠳᠠᠭᠠᠨ ᠢ ᠳᠣᠰᠬᠠᠳᠠᠭ᠃ ᠨᠢᠭᠡ | ᠤᠯᠤᠰ ᠲᠤ ᠠᠪᠴᠤ ᠬᠡᠯᠡᠪᠡᠯ᠂ GDP ᠪᠣᠯ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ | ᠥᠷᠲᠡᠭ ᠪᠣᠯᠣᠨ᠎ᠠ᠂ ᠭᠡᠪᠡᠴᠦ ᠨᠢᠭᠡ ᠭᠠᠵᠠᠷ ᠣᠷᠣᠨ ᠳᠤ ᠠᠪᠴᠤ ᠬᠡᠯᠡᠪᠡᠯ᠂ GDP ᠪᠣᠯ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠪᠣᠯᠣᠨ᠎ᠠ᠃ ᠬᠡᠷᠪᠡ GDP ᠶᠢᠨ ᠲᠤᠭ᠎ᠠ ᠪᠠᠷᠢᠮᠲᠠ ᠶᠢ ᠠᠵᠤ | ᠦᠢᠯᠡᠰ ᠢᠶᠠᠷ ᠨᠠᠷᠢᠨ ᠬᠤᠪᠢᠶᠠᠬᠤ ᠳᠤ ᠬᠦᠷᠪᠡᠯ᠂ ᠭᠤᠤᠯᠳᠠᠭᠤ ᠭᠤᠷᠪᠠᠨ ᠵᠦᠢᠯ ᠪᠠᠶᠢᠨ᠎ᠠ᠂ ᠨᠡᠯᠢᠶᠡᠳ ᠬᠢᠯᠪᠡᠷ | ᠳᠥᠭᠦᠮ ᠢᠶᠠᠷ ᠣᠶᠢᠯᠠᠭᠠᠪᠠᠯ᠄ ᠨᠢᠭᠡᠳᠦᠭᠡᠷ ᠠᠵᠤ ᠦᠢᠯᠡᠰ ᠪᠣᠯ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ | ᠵᠢᠭᠠᠰᠤᠨ ᠠᠵᠤ ᠠᠬᠤᠶ ︵ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠶᠢᠨ | ᠦᠢᠯᠡᠴᠢᠯᠡᠭᠡᠨ ᠤ ᠦᠢᠯᠡᠰ ᠪᠠᠭᠲᠠᠬᠤ ᠦᠭᠡᠢ︶ ᠪᠣᠯᠣᠨ᠎ᠠ᠃ ᠬᠤᠶᠠᠳᠤᠭᠠᠷ ᠠᠵᠤ ᠦᠢᠯᠡᠰ ᠪᠣᠯ ᠠᠭᠤᠷᠬᠠᠶ ᠮᠠᠯᠲᠠᠬᠤ | ᠦᠢᠯᠡᠰ ︵ᠨᠡᠭᠡᠭᠡᠨ ᠮᠠᠯᠲᠠᠬᠤ ᠳᠤ ᠲᠤᠰᠠᠯᠠᠬᠤ ᠠᠵᠢᠯᠯᠠᠭ᠎ᠠ ᠪᠠᠭᠲᠠᠬᠤ ᠦᠭᠡᠶ︶᠂ ᠦᠢᠯᠡᠳᠬᠦ ᠦᠢᠯᠡᠰ ︵ | ᠲᠡᠮᠦᠷᠯᠢᠭ ᠤᠨ ᠦᠢᠯᠡᠳᠬᠦᠨ᠂ ᠮᠠᠰᠢᠨ ᠪᠣᠯᠤᠨ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠪᠠᠭᠲᠠᠬᠤ ᠦᠭᠡᠶ︶᠂ | ᠴᠠᠬᠢᠯᠭᠠᠨ᠂ ᠢᠯᠴᠢ᠂ ᠰᠢᠲᠠᠮᠠᠬᠠᠶ ᠬᠡᠢ ᠵᠢᠴᠢ ᠤᠰᠤ ᠦᠢᠯᠡᠳᠪᠦᠷᠢᠯᠡᠬᠦ ᠪᠠ ᠬᠠᠩᠭᠠᠬᠤ ᠦᠢᠯᠡᠰ᠂ ᠪᠠᠷᠢᠯᠭ᠎ᠠ ᠶᠢᠨ | ᠦᠢᠯᠡᠰ ᠪᠣᠯᠣᠨ᠎ᠠ᠃ ᠭᠤᠷᠪᠠᠳᠤᠭᠠᠷ ᠠᠵᠤ ᠦᠢᠯᠡᠰ ᠪᠣᠯ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ | ᠦᠢᠯᠡᠰ ᠠᠴᠠ ᠭᠠᠳᠠᠨᠠᠬᠢ ᠪᠤᠰᠤᠳ ᠠᠵᠢᠯ ᠲᠥᠷᠥᠯ ᠢ ᠵᠢᠭᠠᠵᠤ ᠪᠤᠶ᠃ | ② GDP ᠶᠢ ᠬᠡᠷᠬᠢᠨ ᠣᠶᠢᠯᠠᠭᠠᠬᠤ ᠪᠣᠢ︖ | ᠨᠢᠭᠡ ᠳᠤ ᠶᠡᠷᠦᠩᠬᠡᠢ ᠬᠡᠮᠵᠢᠶ᠎ᠡ ᠶᠢ ᠦᠵᠡᠨ᠎ᠡ᠂ GDP ᠶᠢᠨ ᠶᠡᠷᠦᠩᠬᠡᠢ ᠬᠡᠮᠵᠢᠶ᠎ᠡ ᠨᠢ ᠠᠵᠤ ᠠᠬᠤᠢ ᠶᠢᠨ | ᠬᠡᠪᠴᠢᠶ᠎ᠡ ᠶᠢ ᠲᠤᠰᠬᠠᠵᠤ ᠪᠣᠯᠣᠨ᠎ᠠ᠃ ᠬᠤᠶᠠᠷ ᠲᠤ᠂ ᠬᠤᠷᠳᠤᠴᠠ ᠶᠢ ᠦᠵᠡᠨ᠎ᠡ᠂ GDP ᠶᠢᠨ ᠨᠡᠮᠡᠭᠳᠡᠯ ᠤᠨ | ᠬᠤᠷᠳᠤᠴᠠ ᠨᠢ ᠠᠵᠤ ᠠᠬᠤᠢ ᠶᠢᠨ ᠨᠡᠮᠡᠭᠳᠡᠯ ᠤᠨ ᠬᠤᠷᠳᠣᠨ ᠤᠳᠠᠭᠠᠨ ᠢ ᠳᠤᠰᠬᠠᠵᠤ ᠪᠣᠯᠤᠨ᠎ᠠ᠃ ᠭᠤᠷᠪᠠ ᠳᠤ᠂ | ᠪᠦᠲᠦᠴᠡ ᠶᠢ ᠦᠵᠡᠨ᠎ᠡ᠂ ᠭᠤᠷᠪᠠᠨ ᠭᠤᠷᠪᠠᠳᠡᠬᠢ ᠠᠵᠤ ᠦᠢᠯᠡᠰ ᠤᠨ ᠨᠡᠮᠡᠭᠳᠡᠯ ᠥᠷᠲᠡᠭ ᠤᠨ GDP ᠳᠠᠬᠢ | ᠡᠵᠡᠯᠡᠬᠦ ᠬᠤᠪᠢ ᠶᠢᠨ ᠵᠢᠩ ᠪᠠᠷ ᠠᠵᠤ ᠠᠬᠤᠢ ᠶᠢᠨ ᠪᠦᠲᠦᠴᠡ ᠶᠢ ᠲᠤᠰᠬᠠᠵᠤ ᠪᠣᠯᠤᠨ᠎ᠠ᠃ ᠡᠭᠦᠨ ᠠᠴᠠ ᠭᠠᠳᠠᠨ᠎ᠠ | GDP ᠶᠢ ᠪᠠᠰᠠ ᠬᠤᠯᠪᠣᠭᠳᠠᠯ ᠪᠦᠬᠦᠢ ᠭᠦᠢᠴᠡᠳᠭᠡᠯ ᠲᠤᠭ᠎ᠠ ᠲᠠᠢ ᠤᠶᠠᠯᠳᠤᠭᠤᠯᠵᠤ ᠪᠣᠯᠤᠨ᠎ᠠ᠂ ᠵᠢᠱᠢᠶᠡᠯᠡᠪᠡᠯ | ᠬᠥᠮᠦᠨ ᠪᠦᠷᠢ ᠶᠢᠨ ᠳᠤᠮᠳᠠᠴᠢ GDP ᠪᠣᠯ ᠠᠵᠤ ᠠᠬᠤᠶ ᠶᠢᠨ ᠬᠥᠭᠵᠢᠯᠲᠡ ᠶᠢᠨ ᠬᠢᠷᠢ ᠲᠥᠪᠰᠢᠨ ᠪᠣᠯᠤᠨ ᠪᠠᠶᠠᠨ | ᠴᠢᠨᠡᠭᠡᠯᠢᠭ ᠤᠨ ᠬᠡᠮᠵᠢᠶ᠎ᠡ ᠶᠢ ᠬᠡᠮᠵᠢᠬᠦ ᠴᠢᠬᠤᠯᠠ ᠭᠦᠢᠴᠡᠳᠭᠡᠯ ᠲᠤᠭ᠎ᠠ ᠪᠣᠯᠤᠨ᠎ᠠ᠃ ᠨᠢᠭᠡᠴᠢ GDP ᠶᠢᠨ | ᠡᠨᠧᠷᠭᠢ ᠶᠢᠨ ᠬᠤᠷᠣᠭᠳᠠᠯ ᠤᠨ ᠭᠦᠢᠴᠡᠳᠭᠡᠯ ᠲᠤᠭ᠎ᠠ ᠨᠢ ᠠᠵᠤ ᠠᠬᠤᠶ ᠶᠢᠨ ᠬᠥᠭᠵᠢᠯᠲᠡ ᠬᠢᠭᠡᠳ ᠡᠨᠧᠷᠭᠢ ᠶᠢᠨ | ᠬᠤᠷᠣᠭᠳᠠᠯ ᠤᠨ ᠬᠠᠷᠢᠴᠠᠯ ᠤᠨ ᠬᠠᠷᠢᠴᠠᠭ᠎ᠠ ᠶᠢ ᠬᠡᠮᠵᠢᠵᠦ᠂ GDP ᠶᠢᠨ ᠨᠡᠮᠡᠭᠳᠡᠯ ᠤᠨ ᠶᠠᠰᠤ ᠴᠢᠨᠠᠷ ᠢ ᠲᠤᠰᠬᠠᠬᠤ | ᠴᠢᠬᠤᠯᠠ ᠭᠦᠢᠴᠡᠳᠭᠡᠯ ᠲᠤᠭ᠎ᠠ ᠪᠣᠯᠤᠨ᠎ᠠ᠃ | ③ GDP ᠶᠢ ᠬᠡᠷᠬᠢᠨ ᠲᠣᠭᠠᠴᠠᠬᠤ ᠪᠤᠢ︖ | ᠮᠠᠨ ᠤ ᠤᠯᠤᠰ ᠤᠨ GDP ᠶᠢᠨ ᠲᠣᠭᠠᠴᠠᠭ᠎ᠠ ᠬᠢᠬᠦ ᠠᠷᠭ᠎ᠠ ᠣᠯᠠᠨ ᠤᠯᠤᠰ ᠯᠤᠭ᠎ᠠ ᠵᠣᠯᠭᠠᠯᠳᠤᠵᠤ᠂ | ᠭᠤᠤᠯᠳᠠᠭᠤ ᠦᠢᠯᠡᠳᠪᠦᠷᠢᠯᠡᠯ ᠤᠨ ᠠᠷᠭ᠎ᠠ ᠪᠣᠯᠤᠨ ᠣᠷᠣᠯᠭ᠎ᠠ ᠶᠢᠨ ᠠᠷᠭ᠎ᠠ ᠶᠢ ᠤᠶᠠᠯᠳᠤᠭᠤᠯᠬᠤ ᠠᠷᠭ᠎ᠠ ᠶᠢ | ᠬᠡᠷᠡᠭᠯᠡᠵᠦ᠂ ᠤᠯᠤᠰ ᠠᠷᠠᠳ ᠤᠨ ᠠᠵᠤ ᠠᠬᠤᠶ ᠶᠢᠨ ᠦᠢᠯᠡᠳᠪᠦᠷᠢᠯᠡᠯ ᠤᠨ ᠠᠵᠢᠯᠯᠠᠭ᠎ᠠ ᠶᠢᠨ ᠡᠴᠦᠰ ᠤᠨ ᠦᠷ᠎ᠡ | ᠪᠦᠲᠦᠭᠡᠯ ᠢ ᠠᠳᠠᠯᠢ ᠪᠤᠰᠤ ᠲᠠᠯ᠎ᠠ ᠠᠴᠠ ᠲᠤᠰᠬᠠᠨ᠎ᠠ᠃ ᠡᠭᠦᠨ ᠳᠤ ᠦᠢᠯᠡᠳᠪᠦᠷᠢᠯᠡᠯ ᠤᠨ ᠠᠷᠭ᠎ᠠ ᠭᠡᠳᠡᠭ ᠪᠣᠯ | ᠬᠠᠮᠤᠭ ᠡᠴᠦᠰ ᠤᠨ ᠦᠢᠯᠡᠳᠪᠦᠷᠢᠯᠡᠭᠰᠡᠨ ᠡᠳ᠋ ᠪᠣᠳᠠᠰ ᠤᠨ ᠥᠷᠲᠡᠭ ᠤᠨ ᠶᠡᠷᠦᠩᠬᠡᠢ ᠦᠨ᠎ᠡ ᠶᠢ ᠲᠣᠭᠠᠴᠠᠨ | ᠪᠣᠳᠣᠨ᠎ᠠ᠂ ᠣᠷᠣᠯᠭ᠎ᠠ ᠶᠢᠨ ᠠᠷᠭ᠎ᠠ ᠪᠣᠯ ᠳᠠᠷᠤᠢ ᠨᠢᠭᠡ ᠬᠤᠭᠤᠴᠠᠭᠠᠨ ᠤ ᠶᠡᠷᠦᠩᠬᠡᠢ ᠣᠷᠣᠯᠭ᠎ᠠ ᠶᠢ ᠲᠣᠭᠠᠴᠠᠨ | ᠪᠣᠳᠤᠨ᠎ᠠ᠂ ᠡᠭᠦᠨ ᠳᠤ ᠤᠯᠤᠰ ᠠᠷᠠᠳ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠣᠷᠣᠯᠭ᠎ᠠ ᠪᠠᠭᠲᠠᠨ᠎ᠠ᠃ | ᠪᠠᠰᠠ ᠵᠠᠷᠤᠯᠭ᠎ᠠ ᠶᠢᠨ ᠠᠷᠭ᠎ᠠ ᠪᠠᠶᠢᠨ᠎ᠠ᠂ ᠭᠤᠣᠯᠳᠠᠭᠤ ᠰᠠᠭᠤᠭᠠᠯᠢ ᠠᠷᠠᠳ ᠤᠨ ᠬᠡᠷᠡᠭᠯᠡᠭᠡ᠂ ᠵᠠᠰᠠᠭ ᠤᠨ ᠣᠷᠳᠣᠨ | ᠵᠢᠴᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠ ᠴᠡᠪᠡᠷ ᠭᠠᠳᠠᠭᠠᠳᠤ ᠭᠠᠷᠭᠠᠯᠲᠠ ᠵᠡᠷᠭᠡ ᠶᠢᠨ ᠵᠠᠷᠤᠯᠭ᠎ᠠ ᠶᠢᠨ | ᠨᠡᠶᠢᠯᠡᠪᠦᠷᠢ ᠶᠢ ᠲᠣᠭᠠᠴᠠᠨ ᠪᠤᠳᠣᠨ᠎ᠠ᠃ | ④ ᠶᠠᠭᠤ ᠶᠢ ᠭᠤᠷᠪᠠᠨ ᠠᠵᠤ ᠦᠢᠯᠡᠰ ᠭᠡᠬᠦ ᠪᠤᠢ︖ | ᠠᠵᠤ ᠦᠢᠯᠡᠰ ᠤᠨ ᠪᠦᠲᠦᠴᠡ ᠪᠤᠯ ᠨᠢᠭᠡ ᠭᠠᠵᠠᠷ ᠣᠷᠤᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ | ᠬᠡᠮᠵᠢᠶ᠎ᠡ ᠶᠢ ᠬᠡᠮᠵᠢᠬᠦ ᠴᠢᠬᠤᠯᠠ ᠰᠢᠨᠵᠢ ᠲᠡᠮᠳᠡᠭ ᠮᠥᠨ᠃ ᠭᠤᠷᠪᠠᠳᠠᠬᠢ ᠠᠵᠤ ᠦᠢᠯᠡᠰ ᠪᠣᠯ ᠨᠡᠶᠢᠭᠡᠮ ᠤᠨ | ᠦᠢᠯᠡᠳᠪᠦᠷᠢᠯᠡᠯ ᠤᠨ ᠠᠵᠢᠯᠯᠠᠭ᠎ᠠ ᠶᠢᠨ ᠲᠡᠦᠬᠡᠨ ᠬᠥᠭᠵᠢᠯᠲᠡ ᠶᠢᠨ ᠳᠡᠰ ᠳᠠᠷᠠᠭᠠᠯᠠᠯ ᠢ ᠦᠨᠳᠦᠰᠦᠯᠡᠨ ᠠᠵᠤ | ᠦᠢᠯᠡᠰ ᠤᠨ ᠪᠦᠲᠦᠴᠡ ᠳᠤ ᠬᠢᠭᠰᠡᠨ ᠬᠤᠪᠢᠶᠠᠷᠢᠯᠠᠯᠲᠠ᠂ ᠨᠢᠭᠡᠳᠦᠭᠡᠷ ᠠᠵᠤ ᠦᠢᠯᠡᠰ᠄ ᠪᠦᠲᠦᠭᠡᠭᠳᠡᠭᠦᠨ ᠪᠠᠨ | ᠰᠢᠭᠤᠳ ᠡᠬᠢ ᠪᠠᠶᠢᠭᠠᠯᠢ ᠠᠴᠠ ᠠᠪᠴᠤ ᠪᠠᠶᠢᠭ᠎ᠠ ᠰᠠᠯᠠᠭ᠎ᠠ ᠮᠥᠴᠢᠷ︔ ᠬᠤᠶᠠᠳᠤᠭᠠᠷ ᠠᠵᠤ ᠦᠢᠯᠡᠰ ᠨᠢ᠄ | ᠠᠩᠬᠠᠨ ᠤ ᠪᠦᠲᠦᠭᠡᠭᠳᠡᠭᠦᠨ ᠢ ᠳᠠᠬᠢᠨ ᠡᠳ᠋ᠰᠢᠯᠡᠭᠦᠯᠬᠦ ᠰᠠᠯᠠᠭ᠎ᠠ ᠮᠥᠴᠢᠷ︔ ᠭᠤᠷᠪᠠᠳᠤᠭᠠᠷ ᠠᠵᠤ ᠦᠢᠯᠡᠰ᠄ | ᠦᠢᠯᠡᠳᠪᠦᠷᠢᠯᠡᠯ ᠪᠠ ᠬᠡᠷᠡᠭᠯᠡᠭᠡ ᠳᠤ ᠡᠯ᠎ᠡ ᠵᠦᠢᠯ ᠤᠨ ᠦᠢᠯᠡᠴᠢᠯᠡᠭᠡ ᠬᠠᠩᠭᠠᠬᠤ ᠰᠠᠯᠠᠭ᠎ᠠ ᠮᠥᠴᠢᠷ ᠪᠣᠯᠤᠨ᠎ᠠ᠃ | ⑤ᠶᠠᠭᠤ ᠶᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠭᠡᠳᠡᠭ ᠪᠣᠢ︖ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠭᠡᠳᠡᠭ ᠨᠢ ᠣᠨ ᠤ ᠭᠤᠤᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠢᠭᠠᠵᠤ ᠪᠤᠶ᠃ ᠨᠡᠮᠡᠭᠳᠡᠯ ᠥᠷᠲᠡᠭ ᠭᠡᠳᠡᠭ ᠨᠢ ᠪᠠᠶᠢᠩᠭᠤ | ᠰᠠᠭᠤᠭ᠎ᠠ ᠨᠢᠭᠡᠴᠡ ᠶᠢᠨ ᠦᠢᠯᠡᠳᠪᠦᠷᠢᠯᠡᠯ ᠤᠨ ᠶᠠᠪᠤᠴᠠ ᠳᠤ ᠡᠭᠦᠳᠦᠭᠰᠡᠨ ᠰᠢᠨ᠎ᠡ ᠪᠠᠷ ᠨᠡᠮᠡᠭᠳᠡᠭᠰᠡᠨ ᠦᠨ᠎ᠡ ᠥᠷᠲᠡᠭ | ᠪᠣᠯᠤᠨ ᠲᠣᠭᠲᠠᠮᠠᠯ ᠬᠥᠷᠥᠩᠭᠡ ᠶᠢᠨ ᠰᠢᠯᠵᠢᠭᠦᠯᠬᠦ ᠦᠨ᠎ᠡ ᠥᠷᠲᠡᠭ ᠢ ᠵᠢᠭᠠᠵᠤ ᠪᠤᠶ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠭᠡᠳᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠮᠡᠳᠡᠭᠦᠯᠦᠯᠲᠡ ᠶᠢᠨ ᠬᠤᠭᠤᠴᠠᠭᠠᠨ ᠳᠤ ᠮᠦᠩᠬᠦ ᠶᠢᠨ ᠬᠡᠯᠪᠡᠷᠢ ᠪᠠᠷ | ᠢᠯᠡᠷᠡᠭᠦᠯᠦᠭᠰᠡᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠢᠯᠯᠠᠭ᠎ᠠ ᠶᠢᠨ ᠡᠴᠦᠰ ᠤᠨ ᠦᠷ᠎ᠡ ᠪᠦᠲᠦᠭᠡᠯ | ᠪᠣᠯᠬᠤ ᠪᠥᠭᠡᠳ ᠠᠵᠤ ᠠᠬᠤᠶᠢᠯᠠᠯ ᠤᠨ ᠪᠦᠬᠦ ᠦᠢᠯᠡᠳᠪᠦᠷᠢᠯᠡᠯ ᠤᠨ ᠠᠵᠢᠯᠯᠠᠭ᠎ᠠ ᠶᠢᠨ ᠶᠡᠷᠦᠩᠬᠡᠶ ᠦᠷ᠎ᠡ | ᠪᠦᠲᠦᠭᠡᠯ ᠠᠴᠠ ᠦᠢᠯᠡᠳᠪᠦᠷᠢᠯᠡᠯ ᠤᠨ ᠶᠠᠪᠤᠴᠠ ᠳᠤ ᠬᠤᠷᠣᠭᠳᠠᠬᠤ ᠪᠤᠶᠤ ᠰᠢᠯᠵᠢᠭᠦᠯᠬᠦ ᠪᠣᠳᠠᠰ ᠤᠨ ᠦᠢᠯᠡᠳᠬᠦᠨ | ᠪᠣᠯᠤᠨ ᠬᠥᠳᠡᠯᠮᠦᠷᠢ ᠦᠢᠯᠡᠴᠢᠯᠡᠭᠡᠨ ᠤ ᠥᠷᠲᠡᠭ ᠢ ᠬᠠᠰᠤᠭᠰᠠᠨ ᠤ ᠳᠠᠷᠠᠭᠠᠬᠢ ᠦᠯᠡᠳᠡᠪᠦᠷᠢ ᠲᠤᠭ᠎ᠠ ᠪᠣᠯᠤᠨ᠎ᠠ᠂ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠰᠢᠨ᠎ᠡ ᠪᠠᠷ ᠨᠡᠮᠡᠭᠳᠡᠭᠰᠡᠨ ᠦᠨ᠎ᠡ ᠥᠷᠲᠡᠭ ᠪᠣᠯᠤᠨ᠎ᠠ᠃ | ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠬᠡᠳᠦᠢ ᠣᠶᠢᠯᠠᠭᠠᠬᠤ ᠪᠣᠢ ---- ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠭᠡᠳᠡᠭ ᠨᠢ ᠵᠠᠰᠠᠭ ᠤᠨ ᠣᠷᠳᠣᠨ ᠠᠴᠠ ᠣᠯᠠᠨ | ᠨᠡᠶᠢᠲᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢᠨ | ᠲᠦᠯᠦᠭᠡ᠂ ᠭᠠᠶᠢᠯᠢ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠣᠯᠤᠭᠰᠠᠨ ᠣᠷᠣᠯᠭ᠎ᠠ ᠶᠢ ᠵᠢᠭᠠᠵᠤ ᠪᠤᠶ᠃ | ᠡᠭᠦᠨ ᠳᠤ ᠭᠤᠣᠯᠳᠠᠭᠤ ᠭᠠᠶᠢᠯᠢ ᠶᠢᠨ ᠣᠷᠣᠯᠭ᠎ᠠ ᠪᠠ ᠭᠠᠶᠢᠯᠢ ᠶᠢᠨ ᠪᠤᠰᠤ ᠣᠷᠣᠯᠭ᠎ᠠ ᠬᠤᠶᠠᠷ ᠬᠡᠰᠡᠭ ᠢ ᠪᠠᠭᠲᠠᠭᠠᠨ᠎ᠠ | ᠃ ᠭᠠᠶᠢᠯᠢ ᠶᠢᠨ ᠣᠷᠣᠯᠭ᠎ᠠ᠄ ᠵᠢᠱᠢᠶᠡᠯᠡᠪᠡᠯ ᠤᠯᠤᠰ ᠤᠨ ᠳᠣᠲᠣᠭᠠᠳᠤ ᠶᠢᠨ ᠥᠷᠲᠡᠭ ᠨᠡᠮᠡᠭᠳᠡᠯ ᠤᠨ ᠭᠠᠶᠢᠯᠢ᠂ ᠠᠵᠤ | ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ᠂ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ᠂ | ᠬᠤᠲᠠ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠭᠠᠵᠠᠷ ᠰᠢᠷᠣᠶ ᠶᠢᠨ ᠥᠷᠲᠡᠭ ᠨᠡᠮᠡᠭᠳᠡᠯ ᠤᠨ | ᠭᠠᠶᠢᠯᠢ᠂ ᠬᠡᠷᠡᠭᠯᠡᠭᠡᠨ ᠤ ᠭᠠᠶᠢᠯᠢ ᠵᠡᠷᠭᠡ ᠭᠠᠶᠢᠯᠢ ᠶᠢᠨ ᠲᠥᠷᠥᠯ ᠵᠦᠢᠯ ᠪᠤᠢ᠃ | ᠭᠠᠶᠢᠯᠢ ᠶᠢᠨ ᠪᠤᠰᠤ ᠣᠷᠣᠯᠭ᠎ᠠ᠄ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠭᠰᠠᠨ | ᠣᠷᠣᠯᠭ᠎ᠠ᠂ ᠤᠯᠤᠰ ᠤᠨ ᠥᠮᠴᠢᠯᠡᠯᠲᠦ ᠡᠬᠢ ᠪᠠᠶᠠᠯᠢᠭ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠭᠰᠡᠨ ᠤ | ᠣᠷᠣᠯᠭ᠎ᠠ᠂ ᠰᠢᠯᠵᠢᠭᠦᠯᠦᠭᠰᠡᠨ ᠴᠢᠨᠠᠷᠲᠠᠶ ᠣᠷᠣᠯᠭ᠎ᠠ᠂ ᠪᠤᠰᠤᠳ ᠣᠷᠣᠯᠭ᠎ᠠ ︵ᠵᠢᠱᠢᠶᠡᠯᠡᠪᠡᠯ ᠲᠣᠷᠭᠠᠵᠤ ᠬᠤᠷᠢᠶᠠᠨ | ᠠᠪᠤᠭᠰᠠᠨ ᠣᠷᠣᠯᠭ᠎ᠠ᠂ ᠵᠢᠭᠡᠯᠡᠯᠭᠡ ᠶᠢᠨ ᠲᠡᠮᠳᠡᠭᠲᠦ ᠶᠢᠨ ᠣᠷᠣᠯᠭ᠎ᠠ ᠵᠡᠷᠭᠡ︶ ᠪᠠᠭᠲᠠᠨ᠎ᠠ᠃ | ᠡᠳᠡᠭᠡᠷ ᠣᠷᠣᠯᠭ᠎ᠠ ᠪᠣᠯ ᠭᠠᠵᠠᠷ ᠣᠷᠣᠨ ᠤ ᠡᠳ᠋ ᠤᠨ ᠵᠠᠰᠠᠭ ᠤᠨ ᠣᠷᠣᠯᠭ᠎ᠠ ᠶᠢᠨ ᠴᠢᠬᠤᠯᠠ ᠢᠷᠡᠯᠲᠡ ᠪᠣᠯᠬᠤ | ᠪᠥᠭᠡᠳ ᠵᠠᠰᠠᠭ ᠤᠨ ᠣᠷᠳᠣᠨ ᠤ ᠡᠯ᠎ᠡ ᠵᠦᠢᠯ ᠤᠨ ᠣᠯᠠᠨ ᠨᠡᠶᠢᠲᠡ ᠶᠢᠨ ᠵᠠᠷᠤᠯᠭ᠎ᠠ ᠶᠢ ᠳᠡᠮᠵᠢᠨ᠎ᠡ᠂ ᠵᠢᠱᠢᠶᠡᠯᠡᠪᠡᠯ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠨᠡᠶᠢᠭᠡᠮ ᠤᠨ ᠪᠠᠲᠤᠯᠠᠭ᠎ᠠ ᠵᠡᠷᠭᠡ ᠪᠠᠭᠲᠠᠨ᠎ᠠ᠃ | ᠲᠡᠷᠡ ᠨᠢ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠤᠳᠠᠲᠤ ᠬᠦᠴᠦᠨ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ ᠶᠢ ᠬᠡᠮᠵᠢᠬᠦ ᠴᠢᠬᠤᠯᠠ ᠭᠦᠢᠴᠡᠳᠭᠡᠯ ᠲᠤᠭ᠎ᠠ᠃ | ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠬᠡᠳᠦᠢ ᠣᠶᠢᠯᠠᠭᠠᠬᠤ ᠪᠣᠢ ----- ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠭᠡᠳᠡᠭ ᠨᠢ ᠡᠵᠡᠩᠨᠡᠯᠲᠡ ᠶᠢᠨ ᠶᠠᠪᠤᠴᠠ ᠳᠠᠬᠢ ᠲᠣᠭᠲᠠᠮᠠᠯ | ᠬᠥᠷᠥᠩᠭᠡ ᠶᠢᠨ ᠪᠦᠲᠦᠭᠡᠨ ᠪᠠᠶᠢᠭᠤᠯᠤᠯᠲᠠ᠂ ᠬᠤᠳᠠᠯᠳᠤᠨ ᠠᠪᠬᠤ᠂ ᠥᠭᠡᠷᠡᠴᠢᠯᠡᠬᠦ ᠵᠡᠷᠭᠡ ᠠᠵᠢᠯᠯᠠᠭ᠎ᠠ ᠪᠣᠯᠣᠨ᠎ᠠ᠃ | ᠮᠦᠨ ᠴᠦ ᠲᠣᠭᠲᠠᠮᠠᠯ ᠬᠥᠷᠥᠩᠭᠡ ᠶᠢ ᠪᠣᠢ ᠪᠣᠯᠭᠠᠬᠤ ᠪᠠ ᠬᠤᠳᠠᠯᠳᠤᠨ ᠠᠪᠬᠤ ᠠᠵᠤ ᠠᠬᠤᠢ ᠶᠢᠨ ᠠᠵᠢᠯᠯᠠᠭ᠎ᠠ | ᠪᠣᠯᠣᠨ᠎ᠠ᠂ ᠳᠠᠷᠤᠢ ᠲᠣᠭᠲᠠᠮᠠᠯ ᠬᠥᠷᠥᠩᠭᠡ ᠶᠢᠨ ᠳᠠᠬᠢᠨ ᠦᠢᠯᠡᠳᠪᠦᠷᠢᠯᠡᠬᠦ ᠠᠵᠢᠯᠯᠠᠭ᠎ᠠ ᠪᠣᠯᠣᠨ᠎ᠠ᠂ ᠡᠭᠦᠨ ᠳᠤ | ᠲᠣᠭᠲᠠᠮᠠᠯ ᠬᠥᠷᠥᠩᠭᠡ ᠶᠢᠨ ᠰᠢᠨᠡᠴᠢᠯᠡᠯᠲᠡ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠰᠢᠨ᠎ᠡ ᠪᠠᠷ | ᠪᠠᠶᠢᠭᠤᠯᠬᠤ ᠵᠡᠷᠭᠡ ᠠᠵᠢᠯᠯᠠᠭ᠎ᠠ ᠪᠠᠭᠲᠠᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠣᠯ | ᠮᠦᠩᠬᠦ ᠶᠢᠨ ᠬᠡᠯᠪᠡᠷᠢ ᠢᠶᠠᠷ ᠢᠯᠡᠷᠡᠭᠦᠯᠦᠭᠰᠡᠨ ᠪᠦᠲᠦᠭᠡᠨ ᠪᠠᠶᠢᠭᠤᠯᠬᠤ ᠪᠠ ᠲᠣᠭᠲᠠᠮᠠᠯ ᠬᠥᠷᠥᠩᠭᠡ ᠶᠢ ᠬᠤᠳᠠᠯᠳᠤᠨ | ᠠᠪᠬᠤ ᠠᠵᠢᠯᠯᠠᠭ᠎ᠠ ᠶᠢᠨ ᠠᠵᠢᠯ ᠤᠨ ᠬᠡᠮᠵᠢᠶ᠎ᠡ ᠮᠥᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠬᠡᠪᠴᠢᠶ᠎ᠡ᠂ ᠬᠤᠷᠳᠤᠴᠠ᠂ ᠬᠠᠷᠢᠴᠠᠯ ᠤᠨ ᠬᠠᠷᠢᠴᠠᠭ᠎ᠠ ᠪᠠ ᠬᠡᠷᠡᠭᠯᠡᠬᠦ ᠴᠢᠭᠯᠡᠯ ᠢ ᠲᠤᠰᠬᠠᠭᠰᠠᠨ ᠶᠡᠷᠦᠩᠬᠡᠶᠢᠯᠡᠭᠰᠡᠨ | ᠴᠢᠨᠠᠷᠲᠠᠶ ᠭᠦᠢᠴᠡᠳᠬᠡᠯ ᠲᠤᠭ᠎ᠠ ᠮᠥᠨ᠃ | ᠪᠤᠳᠤᠬᠤ ᠲᠣᠮᠢᠶ᠎ᠠ᠄ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ = | ᠪᠠᠷᠢᠯᠭ᠎ᠠ ᠶᠢᠨ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠲᠤᠭ᠎ᠠ + ᠤᠭᠰᠠᠷᠠᠬᠤ ᠢᠨᠵᠧᠨᠧᠷᠢᠩ ᠤᠨ ᠪᠡᠯᠡ | ᠣᠷᠣᠭᠤᠯᠤᠯᠲᠠ ᠶᠢᠨ ᠲᠤᠭ᠎ᠠ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠡᠩ ᠤᠨ ᠪᠠᠶᠢᠳᠠᠯ ᠳᠤ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ | ᠣᠷᠣᠭᠤᠯᠤᠯᠲᠠ ᠭᠡᠵᠦ ᠬᠤᠪᠢᠶᠠᠵᠤ᠂ ᠭᠤᠣᠯ ᠪᠣᠯᠬᠤ ᠪᠡᠯᠡ ᠣᠷᠣᠭᠤᠯᠤᠯᠲᠠ ᠶᠢᠨ ᠠᠵᠤ ᠦᠢᠯᠡᠰ ᠲᠤ ᠪᠣᠯᠣᠳ | ᠲᠡᠮᠦᠷ ᠤᠨ ᠠᠵᠤ ᠦᠢᠯᠡᠳᠪᠦᠷᠢ᠂ ᠢᠳᠡᠭᠡᠨ ᠤ ᠠᠵᠤ ᠦᠢᠯᠡᠳᠪᠦᠷᠢ᠂ ᠲᠣᠨᠣᠭᠯᠠᠯ ᠦᠢᠯᠡᠳᠬᠦ ᠦᠢᠯᠡᠰ᠂ ᠴᠢᠯᠠᠭᠤᠨ | ᠲᠣᠰᠣ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ᠂ ᠨᠡᠬᠡᠮᠡᠯ ᠤᠨ ᠠᠵᠤ | ᠦᠢᠯᠡᠳᠪᠦᠷᠢ᠂ ᠡᠮ ᠡᠮᠨᠡᠯᠭᠡ ᠶᠢᠨ ᠠᠵᠤ ᠦᠢᠯᠡᠳᠪᠦᠷᠢ ᠶᠢ ᠪᠠᠭᠲᠠᠭᠠᠨ᠎ᠠ᠃ ᠡᠭᠦᠨ ᠤ ᠠᠴᠢ ᠬᠤᠯᠪᠣᠭᠳᠠᠯ ᠨᠢ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠬᠢᠭᠤᠯᠬᠤ᠂ ᠦᠢᠯᠡᠳᠪᠦᠷᠢᠯᠡᠯ ᠤᠨ ᠪᠦᠲᠦᠴᠡ ᠶᠢ ᠰᠢᠯᠢᠳᠡᠭᠵᠢᠭᠦᠯᠬᠦ ᠵᠢᠴᠢ ᠠᠵᠤ | ᠠᠬᠤᠶᠢᠯᠠᠯ ᠤᠨ ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠬᠦ ᠳᠤ ᠪᠠᠶᠢᠨ᠎ᠠ᠃ ᠲᠡᠷᠡ ᠨᠢ ᠬᠠᠷᠢᠶᠠᠲᠤ | ᠣᠷᠣᠨ ᠤ ᠡᠯ᠎ᠡ ᠲᠥᠷᠥᠯ ᠤᠨ ᠡᠳ᠋ ᠬᠥᠷᠥᠩᠭᠡ᠂ ᠲᠥᠷᠥᠯ ᠵᠦᠢᠯ ᠤᠨ ᠲᠠᠯ᠎ᠠ ᠪᠠᠷ ᠬᠢ ᠪᠡᠯᠡ ᠣᠷᠣᠭᠤᠯᠤᠯᠲᠠ ᠶᠢᠨ | ᠡᠷᠴᠢᠮ ᠪᠣᠯᠤᠨ ᠨᠡᠮᠡᠭᠳᠡᠯ ᠢ ᠬᠡᠮᠵᠢᠬᠦ ᠴᠢᠬᠤᠯᠠ ᠠᠵᠤ ᠠᠬᠤᠶ ᠶᠢᠨ ᠭᠦᠢᠴᠡᠳᠭᠡᠯ ᠲᠤᠭ᠎ᠠ ᠮᠦᠨ᠃ | ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠬᠡᠳᠦᠢ ᠣᠶᠢᠯᠠᠭᠠᠬᠤ ᠪᠤᠢ ----- | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ | ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠨᠡᠮᠡᠭᠳᠡᠯ ᠤᠨ ᠪᠠᠶᠢᠳᠠᠯ ᠢ ᠲᠤᠰᠬᠠᠵᠤ᠂ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ | ᠥᠷᠲᠡᠭ ᠢ ᠬᠠᠷᠠᠭᠤᠯᠤᠨ᠎ᠠ᠃ ᠭᠦᠢᠴᠡᠳᠭᠡᠯ ᠲᠤᠭ᠎ᠠ ᠭᠡᠳᠡᠭ ᠨᠢ ᠣᠨ ᠤ ᠭᠤᠤᠯ ᠡᠵᠡᠩᠨᠡᠵᠦ ᠪᠦᠬᠦᠢ ᠲᠤᠬᠠᠶᠢᠯᠠᠭᠰᠠᠨ | ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠭᠤᠷᠬᠠᠶ ᠮᠠᠯᠲᠠᠬᠤ | ᠦᠢᠯᠡᠰ᠂ ᠦᠢᠯᠡᠳᠬᠦ ᠦᠢᠯᠡᠰ᠂ ᠴᠠᠬᠢᠯᠭᠠᠨ ᠢᠯᠴᠢ ᠰᠢᠲᠠᠮᠠᠬᠠᠶ ᠬᠡᠢ ᠵᠢᠴᠢ ᠤᠰᠤ ᠦᠢᠯᠡᠳᠪᠦᠷᠢᠯᠡᠬᠦ ᠪᠠ ᠬᠠᠩᠭᠠᠬᠤ | ᠦᠢᠯᠡᠰ ᠤᠨ ᠠᠵᠤ ᠦᠢᠯᠡᠳᠪᠦᠷᠢ ᠶᠢᠨ ᠬᠠᠤᠯᠢ ᠶᠢᠨ ᠡᠷᠬᠡᠲᠡᠨ ᠤ ᠨᠢᠭᠡᠴᠡ ᠬᠢᠨ ᠮᠡᠳᠡᠭᠦᠯᠦᠯᠲᠡ ᠶᠢᠨ | ᠬᠤᠭᠤᠴᠠᠭᠠᠨ ᠳᠤ ᠮᠦᠩᠬᠦ ᠶᠢᠨ ᠬᠡᠯᠪᠡᠷᠢ ᠪᠠᠷ ᠢᠯᠡᠷᠡᠭᠦᠯᠦᠭᠰᠡᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ | ᠠᠵᠢᠯᠯᠠᠭ᠎ᠠ ᠶᠢᠨ ᠡᠴᠦᠰ ᠤᠨ ᠦᠷ᠎ᠡ ᠪᠦᠲᠦᠭᠡᠯ ᠢ ᠵᠢᠭᠠᠵᠤ ᠪᠤᠶ᠃ | ᠪᠣᠳᠣᠬᠤ ᠲᠣᠮᠢᠶ᠎ᠠ᠄ ᠠᠵᠤ ᠦᠢᠯᠡᠳᠪᠦᠷᠢ ᠶᠢᠨ ᠨᠡᠮᠡᠭᠳᠡᠯ ᠦᠷᠲᠡᠭ = ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠳᠡᠭ - ᠳᠣᠮᠳᠠᠬᠢ ᠬᠤᠭᠤᠴᠠᠭᠠᠨ ᠤ ᠪᠡᠯᠡ ᠣᠷᠣᠭᠤᠯᠣᠯᠲᠠ + ᠲᠤᠰ | ᠬᠤᠭᠤᠴᠠᠭᠠᠨ ᠤ ᠲᠤᠰᠢᠶᠠᠬᠤ ᠶᠤᠰᠤᠳᠠᠢ ᠨᠡᠮᠡᠯᠲᠡ ᠦᠷᠳᠡᠭ ᠤᠨ ᠭᠠᠶᠢᠯᠢ | ᠲᠡᠷᠡ ᠨᠢ ᠨᠢᠭᠡ ᠭᠠᠵᠠᠷ ᠣᠷᠤᠨ ᠤ ᠵᠤᠬᠢᠬᠤ ᠬᠤᠭᠤᠴᠠᠭᠠᠨ ᠳᠠᠬᠢ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠠᠵᠢᠯᠯᠠᠭᠠᠨ ᠤ ᠬᠡᠪᠴᠢᠶ᠎ᠡ ᠪᠠ ᠨᠡᠮᠡᠭᠳᠡᠯ ᠤᠨ ᠬᠤᠷᠳᠤᠴᠠ ᠶᠢ ᠬᠡᠮᠵᠢᠬᠦ ᠴᠢᠬᠤᠯᠠ ᠭᠦᠢᠴᠡᠳᠭᠡᠯ | ᠲᠤᠭ᠎ᠠ ᠪᠤᠯᠤᠨ᠎ᠠ᠃ | ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠬᠡᠳᠦᠢ ᠣᠶᠢᠯᠠᠭᠠᠬᠤ ᠪᠣᠢ ---- ᠨᠡᠶᠢᠭᠡᠮ ᠤᠨ | ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠣᠭᠰᠠᠨ ᠶᠡᠷᠦᠩᠬᠡᠢ ᠲᠤᠭ᠎ᠠ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠭᠡᠳᠡᠭ ᠨᠢ ᠠᠷᠠᠯᠵᠢᠶᠠᠯᠠᠬᠤ | ᠠᠵᠢᠯᠯᠠᠭ᠎ᠠ ᠪᠠᠷ ᠳᠠᠮᠵᠢᠨ᠂ ᠠᠵᠤ ᠠᠬᠤᠶᠢᠯᠠᠯ ︵ᠨᠢᠭᠡᠴᠡ ᠬᠢᠭᠡᠳ ᠬᠤᠪᠢ ᠶᠢᠨ ᠡᠷᠦᠬᠡ ᠶᠢ ᠪᠠᠭᠲᠠᠭᠠᠨ᠎ᠠ︶ ᠨᠢ | ᠬᠤᠪᠢ ᠬᠥᠮᠦᠨ ᠪᠠ ᠨᠡᠶᠢᠭᠡᠮ ᠤᠨ ᠪᠦᠯᠦᠭᠯᠡᠯ ᠳᠤ ᠰᠢᠭᠤᠳ ᠬᠠᠩᠭᠠᠭᠰᠠᠨ ᠦᠢᠯᠡᠳᠪᠦᠷᠢᠯᠡᠯ ᠤᠨ ᠪᠤᠰᠤ᠂ | ᠡᠵᠡᠩᠨᠡᠯᠲᠡ ᠶᠢᠨ ᠪᠤᠰᠤ ᠬᠡᠷᠡᠭᠴᠡᠭᠡ ᠲᠠᠢ ᠪᠣᠳᠠᠲᠤ ᠶᠠᠭᠤᠮ᠎ᠠ ᠶᠢᠨ ᠲᠠᠸᠠᠷ ᠵᠢᠴᠢ ᠬᠤᠭᠤᠯᠠ ᠤᠮᠳᠠᠭᠠᠨ ᠤ | ᠦᠢᠯᠡᠴᠢᠯᠡᠭᠡᠨ ᠤ ᠣᠷᠣᠯᠭ᠎ᠠ ᠶᠢᠨ ᠶᠡᠷᠦᠩᠬᠡᠶ ᠵᠣᠭᠤᠰ ᠤᠨ ᠲᠤᠭ᠎ᠠ ᠶᠢ ᠵᠢᠭᠠᠵᠤ ᠪᠤᠶ᠃ ᠬᠡᠷᠡᠭᠯᠡᠭᠡᠨ ᠤ ᠲᠥᠷᠥᠯ | ᠬᠡᠯᠪᠡᠷᠢ ᠶᠢ ᠨᠢ ᠲᠠᠸᠠᠷ ᠢ ᠵᠢᠵᠢᠭᠯᠡᠨ ᠬᠤᠳᠠᠯᠳᠤᠬᠤ ᠪᠠ ᠢᠳᠡᠭᠡᠨ ᠤᠮᠳᠠᠭᠠᠨ ᠤ ᠣᠷᠣᠯᠭ᠎ᠠ ᠭᠡᠵᠦ ᠬᠤᠪᠢᠶᠠᠵᠤ | ᠪᠣᠯᠣᠨ᠎ᠠ᠂ ᠡᠵᠡᠩᠨᠡᠭᠴᠢ ᠶᠢᠨ ᠪᠠᠶᠢᠭ᠎ᠠ ᠭᠠᠵᠠᠷ ᠢᠶᠠᠷ ᠨᠢ ᠬᠤᠲᠠ ᠪᠠᠯᠭᠠᠰᠤ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠲᠤᠭ᠎ᠠ ᠪᠠ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠲᠤᠭ᠎ᠠ ᠭᠡᠵᠦ | ᠬᠤᠪᠢᠶᠠᠵᠤ ᠪᠣᠯᠣᠨ᠎ᠠ᠃ ᠡᠭᠦᠨ ᠤ ᠬᠠᠮᠲᠤ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ ᠴᠦ | ᠠᠭᠠᠵᠢᠮ ᠢᠶᠠᠷ ᠨᠡᠶᠢᠭᠡᠮ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ | ᠪᠠᠶᠢᠨ᠎ᠠ᠃ ᠭᠦᠢᠴᠡᠳᠭᠡᠯ ᠲᠤᠭ᠎ᠠ ᠨᠢ ᠭᠠᠵᠠᠷ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠢᠳᠡᠪᠬᠢᠵᠢᠯ ᠤᠨ | ᠬᠡᠮᠵᠢᠶ᠎ᠡ ᠶᠢ ᠲᠤᠰᠬᠠᠵᠤ᠂ ᠣᠷᠣᠨ ᠪᠦᠰᠡ ᠶᠢᠨ ᠵᠠᠬ᠎ᠠ ᠳᠡᠯᠭᠡᠭᠦᠷ ᠤᠨ ᠬᠡᠪᠴᠢᠶ᠎ᠡ ᠪᠣᠯᠤᠨ ᠲᠠᠷᠬᠠᠯᠲᠠ ᠶᠢ ᠲᠤᠰᠬᠠᠵᠤ᠂ | ᠬᠡᠷᠡᠭᠯᠡᠭᠡᠨ ᠤ ᠬᠠᠨᠳᠤᠰᠢ ᠶᠢ ᠢᠯᠡᠷᠡᠭᠦᠯᠦᠭᠰᠡᠨ ᠪᠥᠭᠡᠳ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ | ᠬᠡᠮᠵᠢᠶ᠎ᠡ ᠶᠢ ᠬᠡᠮᠵᠢᠬᠦ ᠬᠡᠮᠵᠢᠭᠦᠷ ᠪᠣᠯᠤᠭᠰᠠᠨ ᠪᠠᠶᠢᠨ᠎ᠠ᠃ ᠪᠣᠳᠣᠬᠤ ᠲᠣᠮᠢᠶ᠎ᠠ᠄ ᠨᠡᠶᠢᠭᠡᠮ ᠤᠨ ᠬᠡᠷᠡᠭᠯᠡᠭᠡᠨ ᠤ ᠵᠦᠢᠯ ᠢ | ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ = ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ | ᠵᠢᠵᠢᠭᠯᠡᠨ ᠬᠤᠳᠠᠯᠳᠤᠭᠰᠠᠨ ᠲᠤᠭ᠎ᠠ + ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠨᠢᠭᠡᠴᠡ ᠶᠢᠨ ᠵᠢᠵᠢᠭᠯᠡᠨ | ᠬᠤᠳᠠᠯᠳᠤᠭᠰᠠᠨ ᠲᠤᠭ᠎ᠠ + ᠳᠡᠭᠡᠷ᠎ᠡ ᠰᠠᠷ᠎ᠠ ᠬᠦᠷᠲᠡᠯᠡᠬᠢ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ᠃ | ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠬᠡᠳᠦᠢ ᠣᠶᠢᠯᠠᠭᠠᠬᠤ ᠪᠣᠢ ---- ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠬᠤᠲᠠ ᠪᠠᠯᠭᠠᠰᠤᠨ ᠤ ᠰᠠᠭᠤᠭᠠᠯᠢ ᠠᠷᠠᠳ ᠪᠣᠯᠣᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠵᠣᠬᠢᠬᠤ | ᠬᠤᠭᠤᠴᠠᠭᠠᠨ ᠳᠠᠬᠢ ︵ᠶᠡᠷᠦᠳᠡᠭᠡᠨ ᠨᠢᠭᠡ ᠵᠢᠯ ᠶᠢ ᠵᠢᠭᠠᠨ᠎ᠠ︶ ᠬᠠᠮᠤᠭ ᠤᠨ ᠡᠴᠦᠰ ᠤᠨ ᠬᠡᠷᠡᠭᠯᠡᠭᠡᠨ ᠤ ᠵᠠᠷᠤᠳᠠᠯ | ᠪᠣᠯᠣᠨ ᠬᠠᠳᠠᠭᠠᠯᠠᠮᠵᠢ ᠶᠢᠨ ᠨᠡᠶᠢᠯᠡᠪᠦᠷᠢ ᠲᠤᠭ᠎ᠠ᠂ ᠲᠣᠬᠠᠶᠢᠯᠠᠪᠠᠯ ᠰᠠᠭᠤᠭᠠᠯᠢ ᠠᠷᠠᠳ ᠤᠨ ᠴᠢᠯᠥᠭᠡᠲᠡᠢ ᠵᠠᠬᠢᠷᠬᠤ | ᠣᠷᠣᠯᠭ᠎ᠠ ᠶᠢ ᠬᠡᠯᠡᠨ᠎ᠡ᠃ ᠲᠡᠷᠡ ᠨᠢ ᠲᠦᠷᠪᠡᠨ ᠬᠡᠰᠡᠭ ᠢᠶᠠᠷ ᠪᠦᠷᠢᠯᠳᠦᠵᠦ᠂ ᠲᠤᠰ ᠲᠤᠰ ᠴᠠᠯᠢᠩ ᠤᠨ ᠴᠢᠨᠠᠷᠲᠠᠢ | ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠦᠷᠦᠩᠭᠡ ᠶᠢᠨ ᠴᠡᠪᠡᠷ ᠣᠷᠣᠯᠭ᠎ᠠ ᠪᠠ | ᠰᠢᠯᠵᠢᠭᠦᠯᠦᠯᠲᠡ ᠶᠢᠨ ᠴᠡᠪᠡᠷ ᠣᠷᠣᠯᠭ᠎ᠠ᠃ ᠭᠦᠢᠴᠡᠳᠭᠡᠯ ᠲᠤᠭ᠎ᠠ ᠨᠢ ᠰᠠᠭᠤᠭᠠᠯᠢ ᠠᠷᠠᠳ ᠤᠨ ᠠᠮᠢᠳᠤᠷᠠᠯ ᠤᠨ | ᠲᠥᠪᠰᠢᠨ᠂ ᠬᠡᠷᠡᠭᠯᠡᠭᠡᠨ ᠤ ᠴᠢᠳᠠᠪᠤᠷᠢ ᠪᠣᠯᠤᠨ ᠠᠵᠤ ᠠᠬᠤᠢ ᠶᠢᠨ ᠨᠡᠮᠡᠭᠳᠡᠯ ᠢ ᠬᠡᠮᠵᠢᠬᠦ ᠴᠢᠬᠤᠯᠠ ᠡᠰᠢ ᠲᠤᠭ᠎ᠠ | ᠪᠣᠯᠤᠨ᠎ᠠ᠃ |