| | | | | 3 ᠰᠠᠷ᠎ᠠ ᠶᠢᠨ 24 ᠤ ᠡᠳᠦᠷ᠂ ᠲᠦᠩᠯᠢᠶᠣᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠮᠥ ᠶᠦᠩ ᠴᠦᠨ ᠬᠠᠮᠲᠦ ᠶᠠᠪᠤᠭᠰᠠᠳ ᠲᠠᠢ ᠪᠠᠨ ᠮᠠᠨ ᠤ | ᠬᠤᠰᠢᠭᠤᠨ ᠳᠤ ᠢᠷᠡᠵᠦ 2024 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ︽ | ᠲᠦᠩᠯᠢᠶᠣᠤ ᠬᠤᠲᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠷᠢᠮ︾ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠡᠷᠭᠡ ᠪᠠᠷ ᠥᠷᠨᠢᠭᠦᠯᠪᠡ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠵᠠᠩ ᠶᠦᠩ ᠴᠢᠶᠠᠩ᠂ ᠬᠤᠰᠢᠭᠤᠨ ᠳᠡᠳ᠋ ᠳᠠᠷᠤᠭ᠎ᠠ ᠢᠦᠶ ᠬᠠᠶ ᠪᠦᠦ ᠵᠢᠴᠢ ᠬᠤᠰᠢᠭᠤᠨ ᠤ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠤᠯᠤᠳᠤ ᠰᠤᠮᠤ᠂ ᠯᠦᠪᠸᠢ | ᠪᠠᠯᠭᠠᠰᠤᠨ ᠳᠤ ᠬᠦᠷᠴᠦ᠂ ᠲᠦᠩᠯᠢᠶᠣᠤ ᠬᠤᠳᠠ ᠶᠢᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠲᠣᠭᠤᠷᠢᠭ ᠤᠨ | ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠬᠤᠶᠢᠲᠤ ᠪᠤᠯᠠᠭ ᠨᠢᠭᠡᠳᠦᠭᠡᠷ ᠵᠠᠰᠠᠯᠲᠠ ᠶᠢᠨ ᠣᠷᠣᠨ᠂ | ᠵᠠᠷᠤᠳ ᠬᠤᠰᠢᠭᠤᠨ ᠤ ᠮᠣᠳᠣ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠭᠰᠡᠨ ᠪᠥᠭᠡᠳ ᠰᠠᠭᠤᠳᠠᠯ ᠤᠨ ᠬᠤᠷᠠᠯ ᠬᠢᠬᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ | ᠵᠡᠷᠭᠡ ᠠᠷᠭ᠎ᠠ ᠬᠡᠯᠪᠡᠷᠢ ᠪᠠᠷ ᠪᠦᠬᠦ ᠬᠤᠰᠢᠭᠤᠨ ᠤ 2024 ᠣᠨ ᠤ ᠣᠷᠴᠢᠨ ᠲᠣᠭᠤᠷᠢᠨ ᠤ ᠪᠠᠶᠢᠳᠠᠯ ᠪᠣᠯᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠵᠢᠴᠢ ︽ᠲᠦᠩᠯᠢᠶᠣᠤ | ᠬᠤᠳᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠷᠢᠮ︾ ᠢ ᠲᠤᠭᠤᠰᠢᠯᠠᠭᠤᠯᠤᠨ | ᠬᠡᠷᠡᠭᠵᠢᠭᠦᠯᠦᠭᠰᠡᠨ ᠪᠠᠶᠢᠳᠠᠯ ᠢ ᠤᠢᠢᠯᠠᠭᠠᠭᠰᠠᠨ ᠪᠥᠭᠡᠳ ᠬᠤᠯᠪᠣᠭᠳᠠᠯ ᠪᠦᠬᠦᠢ ᠠᠭᠤᠯᠭ᠎ᠠ ᠶᠢᠨ ᠲᠣᠭᠤᠷᠢᠨ ᠳᠤ | ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ | | | | | | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠬᠥᠬᠡ ᠠᠭᠤᠯᠠ ᠬᠥᠬᠡᠮᠳᠦᠭ | ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ | ᠦᠢᠯᠡᠳᠦᠯᠭᠡᠵᠢᠭᠦᠯᠵᠦ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ ᠡᠷᠴᠢᠮ ᠢᠶᠠᠷ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ | ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ ᠤᠨ ᠲᠣᠭᠤᠷᠢᠨ ᠳᠤ᠂ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠢ ᠤᠷᠳᠤ ᠬᠤᠭᠤᠴᠠᠭ᠎ᠠ ᠪᠠᠷ ᠪᠣᠳᠠᠲᠠᠢ ᠠᠳᠬᠤᠵᠤ᠂ ᠠᠮᠢ ᠠᠬᠤᠢ ᠣᠷᠴᠢᠨ ᠲᠣᠭᠤᠷᠢᠨ ᠤ | ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ | ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ | ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ | ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠵᠣᠬᠢᠴᠠᠯᠳᠤᠨ ᠬᠥᠳᠡᠯᠦᠯᠴᠡᠬᠦ ᠶᠢ | ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ | ᠬᠦᠴᠦᠨ ᠢ ᠪᠦᠷᠢᠯᠳᠦᠭᠦᠯᠬᠦ ᠬᠡᠷᠡᠭᠲᠡᠢ᠃ ︽ᠲᠦᠩᠯᠢᠶᠣᠤ ᠬᠤᠲᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢ | ᠬᠠᠮᠠᠭᠠᠯᠠᠬᠤ ᠲᠦᠷᠢᠮ︾ ᠢ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ | ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠤᠯᠢ ᠶᠣᠰᠣᠭᠠᠷ ᠬᠠᠮᠠᠭᠠᠯᠠᠬᠤ ᠪᠠ ᠬᠠᠮᠢᠶᠠᠷᠬᠤ ᠵᠢᠴᠢ ᠬᠠᠤᠯᠢ ᠪᠠᠷ | ᠵᠠᠰᠠᠬᠤ ᠤᠬᠠᠮᠰᠠᠷ ᠢ ᠪᠣᠶ ᠪᠣᠯᠭᠠᠬᠤ ᠬᠡᠷᠡᠭᠲᠡᠶ ᠭᠡᠪᠡ᠃ |