ᠬᠤᠤ ᠵᠢᠶᠠᠨ ᠬᠤᠸᠠ | ᠲᠤᠰᠢᠶᠠᠯ᠄ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ | ᠬᠤᠰᠢᠭᠤᠨ ᠳᠠᠷᠤᠭ᠎ᠠ | ᠠᠵᠢᠯ ᠤᠨ ᠬᠤᠪᠢᠶᠠᠷᠢᠯᠠᠯ | ᠪᠠᠲᠤ ᠨᠥᠬᠦᠷ ᠢ ᠬᠠᠮᠵᠢᠨ ᠰᠣᠶᠣᠯ᠂ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ | ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ᠂ ᠨᠡᠶᠢᠭᠡᠮ | ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠠᠵᠢᠯ᠄ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠬᠤ | ᠦᠢᠯᠡᠴᠢᠯᠡᠭᠡᠨ ᠤ ᠲᠥᠪ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠯᠦᠪᠸᠢ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠴᠢᠳᠠᠪᠤᠷᠢᠲᠠᠨ ᠤ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠷᠦᠩ ᠴᠤᠸᠠᠩ ᠰᠣᠶᠣᠯ | ᠵᠢᠭᠤᠯᠴᠢᠯᠠᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠣᠨ᠎ᠠ᠃ ᠬᠤᠰᠢᠭᠤᠨ ᠤ | ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠢᠭᠦᠯᠡᠰᠦᠩᠭᠦᠶ ᠶᠢᠨ ᠶᠡᠷᠦᠩᠬᠡᠶ ᠡᠪᠯᠡᠯ᠂ | ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠡᠦᠬᠡ ᠣᠶᠢᠯᠠᠯᠭ᠎ᠠ ᠶᠢᠨ ᠠᠯᠪᠠᠨ | ᠭᠡᠷ᠂ ᠳᠠᠩᠰᠠ ᠡᠪᠬᠡᠮᠡᠯ ᠤᠨ ᠣᠷᠳᠣᠨ᠂ ᠰᠢᠨᠬᠤᠸᠠ ᠨᠣᠮ ᠤᠨ ᠳᠡᠯᠭᠡᠭᠦᠷ᠂ ᠷᠠᠳᠢᠤ᠋ ᠲᠧᠯᠸᠢᠰ ᠰᠦᠯᠵᠢᠶᠡᠨ ᠤ | ᠺᠣᠮᠫᠠᠨᠢ ᠲᠠᠢ ᠬᠠᠷᠢᠯᠴᠠᠨ᠎ᠠ᠃ | ᠲᠣᠪᠴᠢ ᠲᠠᠨᠢᠯᠴᠠᠭᠤᠯᠭ᠎ᠠ | ᠬᠤᠤ ᠵᠢᠶᠠᠨ ᠬᠤᠸᠠ᠂ ᠡᠮᠡᠭᠲᠡᠢ᠂ ᠮᠣᠩᠭᠤᠯ ᠦᠨᠳᠦᠰᠦᠲᠡᠨ᠂ 1984 ᠣᠨ ᠤ 7 ᠰᠠᠷ᠎ᠠ ᠳᠤ ᠲᠦᠷᠦᠵᠡᠢ᠂ | 2007 ᠣᠨ ᠤ 9 ᠰᠠᠷ᠎ᠠ ᠳᠤ ᠠᠵᠢᠯ ᠳᠤ ᠭᠠᠷᠪᠠ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2006 | ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠃ | | | |