ᠮᠦ ᠲᠢᠶᠧ ᠮᠢᠨ | ᠲᠤᠰᠢᠶᠠᠯ᠄ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠬᠤᠰᠢᠭᠤᠨ ᠳᠠᠷᠤᠭ᠎ᠠ | ᠬᠤᠪᠢᠳᠠᠨ ᠬᠠᠮᠢᠶᠠᠷᠬᠤ ᠠᠵᠢᠯ | ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠪᠠᠲᠤ ᠨᠥᠬᠦᠷ ᠤᠨ ᠠᠵᠢᠯ ᠢ | ᠬᠠᠮᠵᠢᠨ᠂ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠡᠳ᠋ ᠤᠨ ᠵᠠᠰᠠᠭ ᠭᠠᠶᠢᠯᠢ᠂ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠣᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ | ᠠᠶᠣᠯᠭᠦᠢ ᠦᠢᠯᠡᠳᠪᠦᠷᠢᠯᠡᠯ᠂ ᠲᠤᠭ᠎ᠠ ᠪᠦᠷᠢᠳᠬᠡᠯ᠂ ᠭᠠᠳᠠᠭᠠᠳᠤ ᠶᠠᠪᠤᠳᠠᠯ᠂ ᠬᠢᠯᠢ ᠶᠢᠨ ᠪᠣᠭᠤᠮᠲᠠ᠂ ᠴᠠᠬᠢᠯᠭᠠᠨ | ᠬᠦᠴᠦ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠣᠯᠲᠠ᠂ ᠱᠠᠭᠠᠷᠳᠠᠨ ᠪᠠᠶᠢᠴᠠᠭᠠᠬᠤ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ | ᠲᠣᠪᠴᠢᠶ᠎ᠠ᠂ ᠠᠮᠤ ᠪᠤᠳᠠᠭ᠎ᠠ ᠪᠠ ᠡᠳ᠋ ᠪᠤᠳᠠᠰ ᠨᠦᠬᠡᠴᠡᠯᠡᠬᠦ ᠲᠣᠪᠴᠢᠶ᠎ᠠ᠂ ᠤᠯᠤᠰ ᠤᠨ ᠳᠠᠶᠢᠴᠢᠯᠠᠯᠲᠠ ᠶᠢᠨ ᠠᠯᠪᠠᠨ | ᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠡᠳ᠋ ᠤᠨ ᠵᠠᠰᠠᠭ ᠤᠨ ᠲᠣᠪᠴᠢᠶ᠎ᠠ ︵ | ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠵᠥᠪᠯᠡᠯ︶᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠲᠠ᠂ ᠲᠤᠭ᠎ᠠ ᠪᠦᠷᠢᠳᠬᠡᠯ ᠤᠨ | ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠦᠩᠯᠢᠶᠣᠣ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠤᠨ ᠵᠠᠷᠤᠳ ᠬᠤᠰᠢᠭᠤᠨ ᠳᠠᠬᠢ ᠬᠤᠪᠢᠶᠠᠷᠢ ᠲᠥᠪ᠂ | ᠪᠣᠬᠢᠷᠲᠤᠯ ᠦᠭᠡᠢ ᠡᠨᠧᠷᠭᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠯᠦ ᠹᠧᠩ ᠤᠯᠤᠰ ᠤᠨ | ᠦᠮᠴᠢᠯᠡᠯᠲᠦ ᠡᠳ᠋ ᠬᠥᠷᠥᠩᠭᠡ ᠶᠢᠨ ᠬᠦᠭᠵᠢᠭᠦᠯᠦᠯᠲᠡ ᠪᠡᠯᠡ ᠣᠷᠣᠭᠤᠯᠣᠯᠲᠠ ᠡᠵᠡᠩᠨᠡᠯᠲᠡ ᠶᠢᠨ ᠬᠢᠵᠠᠭᠠᠷᠲᠤ | ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ | ᠬᠤᠪᠢᠳᠠᠨ ᠬᠠᠮᠢᠶᠠᠷᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠵᠠᠷ | ᠬᠥᠳᠡᠯᠦᠯᠲᠡ ᠶᠢᠨ ᠥᠷᠲᠡᠭᠡ᠂ ᠣᠶ ᠰᠢᠭᠤᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠴᠠᠬᠢᠯᠭᠠᠨ ᠲᠣᠣᠷ ᠤᠨ ᠵᠠᠷᠤᠳ ᠬᠤᠰᠢᠭᠤᠨ ᠤ | ᠴᠠᠬᠢᠯᠭᠠᠨ ᠬᠠᠩᠭᠠᠬᠤ ᠺᠣᠮᠫᠠᠨᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠵᠠᠷᠤᠳ ᠬᠢᠨᠠᠨ ᠬᠠᠮᠢᠶᠠᠷᠬᠤ ᠰᠠᠯᠪᠤᠷᠢ ᠲᠣᠪᠴᠢᠶ᠎ᠠ᠂ ᠵᠠᠷᠣᠳ ᠲᠤ ᠪᠠᠶᠢᠭ᠎ᠠ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠨ᠎ᠠ᠃ | ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ | ᠮᠦ ᠲᠢᠶᠧ ᠮᠢᠨ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 10 ᠰᠠᠷ᠎ᠠ ᠳᠤ ᠳᠦᠷᠦᠵᠡᠶ᠂ ᠥᠪᠥᠷ | ᠮᠣᠩᠭᠤᠯ ᠤᠨ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠮᠥᠨ᠂ 2001 ᠣᠨ ᠤ 12 ᠰᠠᠷ᠎ᠠ ᠳᠤ | ᠠᠵᠢᠯ ᠳᠤ ᠭᠠᠷᠪᠠ᠂ 2003 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ | ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠠᠵᠤ | ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠲᠠᠢ᠃ | ᠣᠲᠣ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠢᠨ | ᠲᠣᠰᠢᠶᠠᠯ ᠬᠠᠷᠢᠭᠤᠴᠠᠵᠤ ᠪᠠᠶᠢᠨ᠎ᠠ᠃ | | |