ᠱᠤᠤ ᠶᠠᠨ ᠵᠢᠶᠦ᠋ᠨ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/27
    3 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃
01.jpg
     ᠬᠤᠷᠠᠯ ᠳᠡᠭᠡᠷ᠎ᠡ᠂ 2023 ᠣᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠮᠡᠳᠡᠭᠳᠡᠪᠡ︔ ᠨᠠᠮ ᠤᠨ ᠡᠭᠦᠷ ᠤᠨ ᠬᠠᠷᠢᠭᠤᠴᠠᠯᠭᠠᠲᠠᠨ ᠨᠠᠮ ᠤᠨ ᠡᠭᠦᠷ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ ᠳᠠᠷᠠᠭ᠎ᠠ ᠨᠢ᠂ ᠨᠠᠮ ᠤᠨ ᠡᠭᠦᠷ ᠤᠨ ᠨᠠᠮ ᠤᠨ ᠭᠡᠰᠢᠭᠦᠨ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠬᠠᠷᠢᠴᠠᠭᠤᠯᠤᠨ ᠪᠠᠶᠢᠴᠠᠭᠠᠪᠠ᠃ ᠨᠥᠬᠦᠳ ᠨᠢᠭᠡᠪᠦᠷᠢ ᠶᠠᠷᠢᠶ᠎ᠠ ᠲᠠᠯᠪᠢᠭᠰᠠᠨ ᠤ ᠲᠠᠷᠠᠭ᠎ᠠ᠂ ᠪᠤᠰᠤᠳ ᠨᠥᠬᠦᠳ ᠲᠡᠰ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠪᠠ᠃   
02.jpg
    ᠱᠤᠤ ᠶᠠᠨ ᠵᠢᠶᠦ᠋ᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠥᠩᠭᠡᠷᠡᠭᠰᠡᠨ ᠨᠢᠭᠡ ᠵᠢᠯ ᠤᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠲᠤᠰ ᠪᠡᠶ᠎ᠡ ᠶᠢᠨ ᠠᠵᠢᠯ ᠤᠨ ᠥᠩᠭᠡᠷᠡᠯᠲᠡ ᠪᠣᠯᠤᠨ ᠰᠤᠷᠤᠯᠴᠠᠯᠭ᠎ᠠ ᠶᠢᠨ ᠲᠦᠷᠦᠭᠳᠡᠯ ᠲᠠᠢ ᠪᠠᠨ ᠤᠶᠠᠯᠳᠤᠭᠤᠯᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠡᠨᠡ ᠤᠳᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠪᠡᠯᠡᠳᠬᠡᠯ ᠭᠦᠢᠴᠡᠳ᠂ ᠭᠤᠣᠯ ᠰᠡᠳᠦᠪ ᠢᠯᠡ ᠲᠣᠳᠣ᠂ ᠢᠯᠠᠩᠭᠤᠶ᠎ᠠ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠬᠦ ᠭᠤᠭᠴᠤᠭ᠎ᠠ᠂ ᠤᠯᠠᠨ ᠢᠶᠠᠷ ᠢᠶᠠᠨ ᠦᠨᠡᠨᠴᠢ ᠪᠠᠷ ᠬᠠᠨᠳᠤᠵᠤ᠂ ︽ᠨᠢᠭᠤᠷ ᠤᠯᠠᠶᠢᠯᠭᠠᠨ ᠬᠥᠯᠥᠰᠥ ᠭᠠᠷᠭᠠᠬᠤ︾ ᠦᠢᠯᠡᠳᠦᠯ ᠦᠵᠡᠭᠦᠯᠵᠦ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠢᠮᠠᠭᠲᠠ ᠬᠠᠮᠤᠭ ᠤᠨ ᠤᠯᠤᠰ ᠲᠦᠷᠦ ᠶᠢ ᠡᠷᠬᠢᠮᠯᠡᠬᠦ᠂ ᠬᠠᠮᠤᠭ ᠤᠨ ᠰᠠᠬᠢᠯᠭ᠎ᠠ ᠪᠠᠲᠤ ᠶᠢ ᠰᠠᠬᠢᠬᠤ᠂ ᠬᠠᠮᠤᠭ ᠤᠨ ᠶᠣᠰᠣ ᠲᠦᠷᠢᠮ ᠢ ᠮᠡᠳᠡᠬᠦ ᠨᠢᠭᠡᠴᠡ ᠪᠣᠯᠬᠤ ᠶᠢ ᠪᠠᠲᠤᠯᠠᠬᠤ ᠬᠡᠷᠡᠭᠲᠡᠢ︔ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠰᠢᠨ᠎ᠡ ᠪᠠᠶᠢᠷᠢᠯᠠᠭᠤᠯᠤᠯᠲᠠ ᠶᠢ ᠴᠠᠭ ᠢᠮᠠᠭᠲᠠ ᠠᠩᠬᠠᠷᠴᠤ᠂ ᠤᠷᠢᠳᠠᠪᠠᠷ ᠪᠣᠳᠣᠯᠬᠢᠯᠠᠨ᠂ ᠡᠯ᠎ᠡ ᠵᠦᠢᠯ ᠤᠨ ᠠᠵᠢᠯ ᠢ ᠳᠡᠭᠡᠳᠦ ᠱᠠᠲᠤᠨ ᠤ ᠪᠠᠶᠢᠷᠢᠯᠠᠭᠤᠯᠤᠯᠲᠠ ᠲᠠᠢ ᠵᠡᠷᠭᠡᠪᠡᠷ ᠴᠢᠬᠤᠯᠠᠴᠢᠯᠠᠵᠤ᠂ ᠰᠢᠨ᠎ᠡ ᠮᠡᠳᠡᠯᠭᠡ ᠶᠢ ᠲᠠᠰᠤᠷᠠᠯᠲᠠ ᠥᠬᠡᠶ ᠰᠤᠷᠤᠯᠴᠠᠨ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠰᠢᠨ᠎ᠡ ᠲᠤᠷᠰᠢᠯᠭ᠎ᠠ ᠬᠤᠷᠠᠮᠳᠤᠭᠤᠯᠵᠤ᠂ ᠲᠥᠷᠥ ᠶᠢᠨ ᠪᠣᠳᠣᠯᠭ᠎ᠠ ᠶᠢ ᠡᠵᠡᠮᠳᠡᠬᠦ ᠴᠢᠳᠠᠪᠤᠷᠢ᠂ ᠶᠡᠷᠦᠩᠬᠡᠶᠢᠯᠡᠨ ᠵᠠᠳᠠᠯᠬᠤ ᠴᠢᠳᠠᠪᠤᠷᠢ᠂ ᠦᠰᠦᠭ ᠪᠢᠴᠢᠭ ᠤᠨ ᠶᠡᠷᠦᠩᠬᠡᠶᠢᠯᠡᠭᠰᠡᠨ ᠴᠢᠳᠠᠪᠤᠷᠢ᠂ ᠱᠠᠭᠠᠷᠳᠠᠠᠨ ᠪᠠᠶᠢᠴᠠᠭᠠᠵᠤ ᠰᠢᠢᠳᠪᠦᠷᠢᠯᠡᠬᠦ ᠴᠢᠳᠠᠪᠤᠷᠢ᠂ ᠵᠣᠬᠢᠴᠠᠭᠤᠯᠤᠨ ᠦᠢᠯᠡᠴᠢᠯᠡᠬᠦ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠ ᠥᠪᠡᠷ ᠢ ᠪᠠᠨ ᠲᠣᠬᠢᠷᠠᠭᠤᠯᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ︽ᠭᠤᠷᠪᠠ ᠳᠤ ᠦᠢᠯᠡᠴᠢᠯᠡᠬᠦ︾ ᠠᠵᠢᠯ ᠤᠨ ᠬᠠᠰᠢᠷ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠲᠡᠶ︔ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠵᠤ᠂ ᠨᠠᠷᠢᠨ ᠬᠢᠨᠠᠮᠠᠭᠠᠢ ᠬᠠᠷᠢᠭᠤᠴᠠᠵᠤ᠂ ᠥᠴᠦᠬᠡᠨ ᠴᠦ ᠣᠰᠣᠯᠳᠠᠬᠤ ᠦᠭᠡᠢ᠂ ᠨᠢᠭᠲᠠ ᠠᠴᠠ ᠨᠢᠭᠲᠠ ᠪᠠᠶᠢᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠪᠢᠴᠢᠭ ᠮᠠᠲ᠋ᠧᠷᠢᠶᠠᠯ ᠬᠢᠵᠦ ᠬᠤᠷᠠᠯ ᠡᠷᠬᠢᠯᠡᠬᠦ ᠬᠡᠷᠡᠭᠲᠡᠢ︔ ᠪᠦᠯᠬᠦᠮ ᠨᠡᠶᠢᠲᠡ ᠶᠢᠨ ᠤᠬᠠᠮᠰᠠᠷ ᠪᠠ ᠬᠠᠮᠵᠢᠯᠴᠠᠬᠤ ᠵᠣᠷᠢᠭ ᠰᠠᠨᠠᠭ᠎ᠠ ᠶᠢ ᠪᠠᠲᠤ ᠪᠤᠢ ᠪᠣᠯᠭᠠᠵᠤ᠂ ᠦᠨᠡᠨᠬᠦ ᠪᠦᠯᠬᠦᠮᠳᠡᠨ ᠬᠠᠮᠵᠢᠯᠴᠠᠵᠦ ᠂ ᠬᠠᠷᠢᠯᠴᠠᠨ ᠳᠡᠮᠵᠢᠯᠴᠡᠵᠦ᠂ ︽ᠭᠤᠷᠪᠠ ᠳᠤ ᠦᠢᠯᠡᠴᠢᠯᠡᠬᠦ︾ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ︔ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠴᠠᠭ ᠢᠮᠠᠭᠲᠠ ᠨᠣᠮᠣᠬᠠᠨ ᠰᠢᠳᠤᠷᠭᠤ ᠬᠥᠮᠦᠨ ᠪᠤᠯᠵᠤ᠂ ᠦᠨᠡᠨᠴᠢ ᠰᠢᠳᠤᠷᠭᠤ ᠦᠭᠡ ᠬᠡᠯᠡᠵᠦ᠂ ᠪᠣᠳᠠᠲᠤ ᠶᠠᠪᠤᠳᠠᠯ ᠬᠢᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠪᠡ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠭᠦᠸᠧ ᠶᠠ ᠹᠧᠩ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号