3 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠠᠲᠤ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠪᠠᠶᠢᠴᠠᠭᠠᠨ ᠰᠣᠳᠤᠯᠵᠦ | ᠵᠢᠭᠠᠨ ᠵᠢᠯᠣᠭᠤᠳᠬᠤ ᠶᠢᠨ ᠬᠠᠮᠲᠤ ᠰᠠᠭᠤᠳᠠᠯ ᠤᠨ ᠬᠤᠷᠠᠯ ᠬᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠠᠵᠢᠯ ᠪᠠ ᠭᠤᠤᠯᠳᠠᠯᠭ᠎ᠠ ᠲᠠᠢ ᠠᠵᠢᠯ | ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ᠂ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠭᠤᠤᠯ ᠬᠠᠷᠢᠭᠤᠴᠠᠯᠭᠠᠲᠠᠨ᠂ ᠡᠯ᠎ᠡ ᠬᠦᠷᠢᠶ᠎ᠡ ᠴᠠᠷ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠠᠴᠠ ︽ | ᠠᠷᠪᠠᠨ ᠲᠠᠪᠤᠳᠤᠭᠠᠷ ᠲᠠᠪᠤᠨ ᠵᠢᠯ︾ ᠤᠨ ᠴᠢᠬᠤᠯᠠ ᠶᠡᠭᠡ ᠲᠥᠷᠥᠯ ᠵᠦᠢᠯ ᠢ ᠲᠥᠯᠥᠪᠯᠡᠨ ᠨᠥᠭᠡᠴᠡᠯᠡᠭᠰᠡᠨ ᠪᠠᠶᠢᠳᠠᠯ᠂ | ᠣᠳᠣᠬᠠᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠶᠢᠨ ᠲᠤᠬᠠᠶ ᠨᠠᠷᠢᠨ ᠲᠣᠳᠣᠷᠬᠠᠶ | ᠬᠠᠷᠢᠭᠤ ᠮᠡᠳᠡᠭᠦᠯᠦᠯᠲᠡ ᠬᠢᠪᠠ᠃ | | | | ᠪᠠᠲᠤ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠣᠶᠢᠷ᠎ᠠ ᠶᠢᠨ ᠵᠢᠯ ᠤᠨ | ᠲᠤᠷᠰᠢᠬᠢ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠣᠳᠣᠬᠠᠨ ᠳᠤ ᠪᠣᠯ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠵᠠᠩᠭᠢᠯᠠᠭ᠎ᠠ ᠶᠢᠨ ᠪᠣᠭᠤᠮᠲᠠ ᠰᠢᠪᠲᠤᠯᠬᠤ ᠬᠤᠭᠤᠴᠠᠭ᠎ᠠ ᠪᠣᠯᠤᠨ᠎ᠠ᠂ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠨᠢ ᠠᠵᠤ ᠠᠬᠤᠶ ᠶᠢᠨ ᠬᠥᠭᠵᠢᠯᠲᠡ ᠶᠢᠨ ᠲᠦᠷᠦᠭᠦᠯᠡᠨ ᠬᠢᠬᠦ ᠰᠠᠯᠠᠭ᠎ᠠ ᠮᠥᠴᠢᠷ | ᠪᠣᠯᠤᠭᠰᠠᠨ ᠤ ᠬᠤᠪᠢ ᠳᠤ᠂ ᠦᠷᠭᠦᠯᠵᠢᠯᠡᠨ ᠲᠤᠤᠱᠯᠠᠭᠤᠯᠬᠤ ᠡᠷᠴᠢ ᠵᠣᠷᠢᠭ᠂ ᠰᠢᠪᠲᠤᠯᠤᠯᠲᠠ ᠶᠢᠨ ᠵᠣᠷᠢᠭ᠂ | ᠰᠤᠳᠦᠯᠬᠤ ᠵᠣᠷᠢᠭ ᠢᠶᠠᠨ ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠵᠦ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠬᠤᠭᠤᠴᠠᠭᠠᠨ ᠤ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠶ ᠰᠤᠳᠤᠯᠤᠨ ᠮᠠᠭᠠᠳᠯᠠᠵᠤ᠂ ᠪᠥᠬᠦ | ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠪᠥᠬᠦ ᠬᠤᠰᠢᠭᠤᠨ ᠤ ᠬᠥᠭᠵᠢᠯᠲᠡ ᠶᠢᠨ | ᠰᠠᠭᠤᠷᠢ᠂ ᠤᠨᠴᠠᠯᠢᠬᠳᠤ ᠳᠠᠪᠠᠭᠤᠯᠢᠭ᠂ ᠳᠤᠲᠠᠭᠳᠠᠯ ᠪᠠᠭᠤᠷᠠᠶ ᠲᠠᠯ᠎ᠠ ᠶᠢ ᠣᠨᠣᠪᠴᠢᠲᠠᠶ ᠡᠵᠡᠮᠳᠡᠬᠦ ᠬᠡᠷᠡᠭᠲᠡᠶ ᠭᠡᠵᠦ | ᠵᠢᠭᠠᠪᠦᠷᠢᠯᠠᠪᠠ᠃ | | ᠪᠠᠲᠤ ᠬᠡᠯᠡᠭᠰᠡᠨ ᠨᠢ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠪᠦᠬᠦ ᠲᠠᠯ᠎ᠠ ᠪᠠᠷ ᠨᠢᠭᠡᠳᠦᠯᠲᠡᠢ | ᠲᠥᠯᠥᠪᠵᠢᠭᠦᠯᠵᠦ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ ᠮᠥᠴᠢᠷ ᠤᠨ ᠨᠡᠪᠲᠡᠷᠡᠯᠴᠡᠭᠡ ᠬᠠᠮᠵᠢᠯᠴᠠᠭᠠᠨ ᠤ ᠲᠣᠭᠲᠠᠴᠠ ᠪᠣᠯᠤᠨ | ᠲᠦᠷᠦ ᠶᠢᠨ ᠪᠤᠳᠤᠯᠭ᠎ᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠵᠠᠮ ᠬᠠᠷᠢᠯᠴᠠᠭ᠎ᠠ᠂ ᠡᠨᠧᠷᠭᠢ | ᠂ ᠤᠰᠤᠨ ᠠᠰᠢᠭᠯᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠲᠦᠷᠦᠯ ᠵᠦᠢᠯ ᠢ ᠲᠥᠯᠥᠪᠵᠢᠭᠦᠯᠬᠦ ᠶᠢ | ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠢ ᠪᠠᠶᠢᠭᠤᠯᠬᠤ ᠬᠡᠷᠡᠭᠲᠡᠢ︔ ᠦᠨᠳᠦᠰᠦ ᠶᠢ ᠨᠢ ᠪᠠᠬᠢᠵᠢᠭᠦᠯᠵᠦ ᠰᠠᠭᠤᠷᠢ ᠪᠠᠨ ᠪᠠᠲᠤᠳᠬᠠᠵᠤ᠂ | ᠳᠤᠲᠠᠭᠳᠠᠯ ᠢᠶᠠᠨ ᠨᠥᠬᠦᠪᠥᠷᠢᠯᠡᠵᠦ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠣᠯᠤᠨ | ᠡᠯᠧᠮᠧᠨ᠋ᠲ ᠤᠨ ᠪᠠᠲᠤᠯᠠᠭ᠎ᠠ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠣᠨᠤᠴᠢᠲᠠᠢ ᠬᠦᠴᠦᠯᠡᠵᠦ᠂ ᠮᠠᠯ ᠠᠵᠤ ᠠᠬᠤᠢ ᠲᠠᠷᠢᠶᠠᠯᠠᠩ ᠤᠨ | ᠡᠳ᠋ᠰᠢᠭᠦᠯᠦᠯᠲᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠢᠵᠢ ᠪᠦᠷᠢᠳᠦᠭᠰᠡᠨ ᠵᠡᠷᠭᠡ ᠵᠠᠩᠭᠢᠯᠠᠭ᠎ᠠ ᠶᠢᠨ | ᠭᠤᠭᠴᠤᠭ᠎ᠠ ᠶᠢᠨ ᠳᠤᠲᠠᠭᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ︔ ᠠᠵᠠ ᠲᠣᠬᠢᠶᠠᠯ ᠢ ᠠᠮᠵᠢᠵᠤ᠂ | ᠤᠷᠢᠳᠴᠢᠯᠠᠨ ᠲᠥᠯᠥᠪᠵᠢᠭᠦᠯᠵᠦ᠂ ᠠᠵᠤ ᠦᠢᠯᠡᠰ ᠤᠨ ᠡᠮᠦᠨ᠎ᠡ ᠦᠵᠦᠭᠦᠷ ᠤᠨ ᠪᠠᠶᠢᠷᠢᠰᠢᠭᠤᠯᠤᠯᠲᠠ ᠳᠤ | ᠰᠠᠭᠤᠷᠢᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠲᠠᠢ ᠨᠢᠭᠲᠠ | ᠤᠶᠠᠯᠳᠤᠭᠤᠯᠵᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠳᠤ ᠨᠡᠶᠢᠴᠡᠭᠰᠡᠨ᠂ ᠡᠮᠦᠨᠡᠬᠢ ᠬᠤᠭᠤᠴᠠᠭᠠᠨ ᠤ | ᠠᠵᠢᠯ ᠨᠢ ᠪᠣᠯᠪᠠᠰᠤᠷᠠᠩᠭᠤᠢ᠂ ᠰᠡᠳᠬᠢᠴᠡ ᠶᠢᠨ ᠰᠢᠨ᠎ᠡ ᠶᠢ ᠡᠭᠦᠳᠦᠭᠰᠡᠨ ᠴᠢᠨᠠᠷ ᠰᠠᠶᠢᠲᠠᠢ ᠨᠢᠭᠡ ᠪᠦᠯᠦᠭ ᠲᠦᠷᠦᠯ | ᠵᠦᠢᠯ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ ᠨᠥᠭᠡᠴᠡᠯᠡᠵᠦ᠂ ᠨᠡᠩ ᠤᠯᠠᠨ ᠲᠦᠷᠦᠯ ᠵᠦᠢᠯ ᠢ | ᠲᠦᠩᠯᠢᠶᠣᠤ ᠬᠤᠳᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ | ᠵᠦᠢᠯ ᠤᠨ ︽ᠲᠣᠮᠣ ᠬᠡᠪᠴᠢᠶᠡᠨ︾ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ︽ᠬᠦᠯᠢᠶᠡᠵᠦ ᠳᠡᠶᠢᠯᠬᠦ ᠥᠬᠡᠶ᠂ | ᠤᠳᠠᠭᠠᠰᠢᠷᠠᠭᠤᠯᠵᠤ ᠪᠣᠯᠬᠤ ᠥᠬᠡᠶ︾ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ | ᠦᠳᠲᠡᠷ ᠲᠦᠷᠭᠡᠨ ᠬᠥᠳᠡᠯᠦᠯᠴᠡᠵᠦ᠂ ᠤᠷᠢᠳᠴᠢᠯᠠᠨ ᠦᠢᠯᠡᠴᠢᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠴᠢᠬᠤᠯᠠ ᠶᠡᠭᠡ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ ᠡᠨᠡ ᠬᠦ ᠶᠡᠭᠡ ᠶᠠᠪᠤᠳᠠᠯ ᠢ ᠲᠥᠯᠥᠪᠵᠢᠭᠦᠯᠵᠦ | ᠂ ᠠᠳᠬᠤᠭᠰᠠᠨ ᠲᠡᠮᠦᠷ ᠲᠤ ᠣᠷᠣᠮ ᠲᠠᠢ᠂ ᠭᠢᠰᠬᠢᠭᠰᠡᠨ ᠴᠢᠯᠠᠭᠤᠨ ᠳᠤ ᠮᠥᠷ ᠲᠠᠢ ᠪᠠᠶᠢᠬᠤ ᠡᠭᠦᠷᠭᠡᠯᠡᠯ ᠢᠶᠠᠷ ᠪᠥᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠪᠡ᠃ | |