ᠪᠠᠲᠤ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠨᠠᠮ ᠤᠨ ᠭᠡᠰᠢᠭᠦᠳ ᠭᠤᠣᠯ ᠰᠡᠳᠦᠪ ᠤᠨ ᠲᠣᠭᠤᠷᠢᠨ ᠳᠤ᠂ ᠬᠤᠪᠢ ᠬᠥᠮᠦᠨ ᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠠᠰᠠᠭᠤᠳᠠᠯ ᠢ ᠭᠦᠨᠵᠡᠭᠡᠢ ᠵᠠᠳᠠᠯᠤᠨ ᠳᠡᠯᠭᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃           ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠪᠠᠲᠤ ᠲᠣᠰ ᠪᠡᠶ᠎ᠡ ᠶᠢᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ᠂ ᠺᠠᠳ᠋ᠷ ᠢ ᠬᠥᠮᠦᠵᠢᠭᠦᠯᠦᠨ ᠬᠠᠮᠢᠶᠠᠷᠬᠤ ᠪᠠ ᠠᠵᠢᠯ ᠤᠨ ᠰᠤᠷᠲᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠨᠠᠮ ᠤᠨ ᠭᠡᠰᠢᠭᠦᠳ ᠲᠠᠢ ᠰᠡᠳᠬᠢᠯ ᠤᠨ ᠦᠭᠡ ᠪᠠᠨ ᠭᠦᠨᠵᠡᠭᠡᠶ ᠰᠣᠯᠢᠯᠴᠠᠪᠠ᠃    
微信图片_20250328094850.png
     ᠪᠠᠲᠤ ᠠᠴᠠ᠂ ᠨᠠᠮ ᠤᠨ ᠡᠭᠦᠷ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡᠬᠦ ᠭᠤᠣᠯ ᠰᠢᠵᠢᠮ ᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠴᠠᠭ ᠢᠮᠠᠭᠲᠠ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠰᠡᠳᠬᠢᠯ ᠨᠢᠭᠡᠳᠦᠨ ᠰᠦᠭ ᠰᠦᠨᠡᠰᠦ ᠪᠠᠨ ᠱᠤᠭᠤᠵᠤ᠂ ᠴᠢᠳᠠᠪᠤᠷᠢ ᠪᠠᠨ ᠲᠡᠭᠦᠯᠳᠡᠷᠵᠢᠭᠦᠯᠵᠦ᠂ ᠪᠠᠲᠤ ᠴᠢᠩᠭ᠎ᠠ ᠤᠯᠤᠰ ᠲᠦᠷᠦ ᠶᠢᠨ ᠡᠭᠦᠷᠭᠡᠯᠡᠯ ᠪᠣᠯᠤᠨ ᠡᠷᠡᠰ ᠪᠠᠲᠤ ᠤᠯᠤᠰ ᠲᠦᠷᠦ ᠶᠢᠨ ᠢᠲᠡᠭᠡᠯ ᠵᠣᠷᠢᠭ ᠢᠶᠠᠷ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃ ᠨᠠᠮ ᠤᠨ ᠡᠭᠦᠷ ᠤᠨ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠲᠠᠢ ᠬᠠᠷᠢᠯᠴᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠢ ᠢᠳᠡᠪᠬᠢᠲᠡᠢ ᠵᠣᠬᠢᠶᠠᠨ ᠪᠠᠶᠢᠭᠤᠯᠤᠨ ᠲᠠᠶᠢᠴᠢᠯᠠᠵᠦ᠂ ᠨᠠᠮ ᠤᠨ ᠭᠡᠰᠢᠭᠦᠨ ᠺᠠᠳ᠋ᠷ ᠤᠨ ᠪᠠᠴᠢᠮ ᠬᠦᠴᠢᠷᠳᠠᠯᠳᠠᠢ ᠪᠠ ᠬᠦᠰᠡᠯ ᠡᠷᠡᠮᠡᠯᠵᠡᠯ ᠤᠨ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠵᠤ ᠬᠠᠪᠰᠤᠷᠴᠤ᠂ ᠨᠠᠮ ᠤᠨ ᠪᠠᠶᠢᠭᠤᠯᠤᠯᠲᠠ ᠶᠢᠨ ᠠᠵᠢᠯ ᠢ ᠮᠡᠳᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠪᠠ ᠪᠦᠲᠦᠭᠡᠯᠴᠢ ᠴᠢᠨᠠᠷ ᠢ ᠲᠠᠰᠤᠷᠠᠯᠲᠠ ᠦᠭᠡᠢ ᠬᠥᠭᠵᠢᠭᠡᠵᠦ᠂ ᠨᠠᠮ ᠤᠨ ᠪᠠᠶᠢᠭᠤᠯᠤᠯᠲᠠ ᠳᠤ ᠪᠣᠳᠠᠲᠠᠢ ᠬᠢᠵᠦ ᠴᠢᠳᠠᠮᠠᠭᠠᠢ ᠪᠠᠷ ᠠᠵᠢᠯᠯᠠᠬᠤ ᠰᠢᠯᠢᠳᠡᠭ ᠨᠠᠮ ᠤᠨ ᠭᠡᠰᠢᠭᠦᠨ ᠺᠠᠳ᠋ᠷ ᠢ ᠲᠠᠰᠤᠷᠠᠯᠲᠠ ᠦᠭᠡᠢ ᠬᠥᠮᠦᠵᠢᠭᠦᠯᠬᠦ ᠬᠡᠷᠡᠭᠲᠡᠢ᠃ ᠨᠠᠮ ᠤᠨ ᠡᠭᠦᠷ ᠤᠨ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠢ ᠲᠤᠤᠱᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠲᠥᠪ ᠭᠤᠣᠯᠴᠢ ᠠᠷᠢᠭᠤᠨ ᠴᠢᠬᠡᠴᠢ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠴᠠᠭ ᠢᠮᠠᠭᠲᠠ ︽ᠴᠢᠩᠭ᠎ᠠ︾ ᠪᠠᠷᠢᠮᠵᠢᠶ᠎ᠠ ᠪᠠ ︽ᠪᠣᠳᠠᠲᠠᠢ︾ ᠰᠤᠷᠲᠠᠯ ᠢᠶᠠᠷ ᠠᠯᠪᠠᠨ ᠭᠡᠷ ᠤᠨ ᠪᠢᠴᠢᠭ ᠮᠠᠲ᠋ᠧᠷᠢᠶᠠᠯ ᠤᠨ ᠬᠤᠷᠠᠯ ᠬᠢᠬᠦ᠂ ᠱᠠᠯᠠᠪᠳᠠᠭᠤᠯᠤᠨ ᠪᠠᠶᠢᠴᠠᠭᠠᠵᠤ ᠬᠢᠨᠠᠯᠲᠠ ᠲᠠᠯᠪᠢᠬᠤ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠰᠠᠶᠢᠲᠤᠷ ᠬᠢᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠳᠤ ᠴᠢᠨᠠᠷ ᠰᠠᠶᠢᠲᠠᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃     ᠬᠤᠰᠢᠭᠤᠨ ᠤ ᠤᠳᠤᠷᠢᠳᠤᠯᠭ᠎ᠠ ᠮᠦ ᠲᠢᠶᠧ ᠮᠢᠨ᠂ ᠵᠠᠩ ᠯᠢ ᠭᠦᠸᠧ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号