ᠳᠤᠮᠳᠠᠳᠤ ᠤᠯᠤᠰ ᠤᠨ ᠨᠡᠶᠢᠭᠡᠮ ᠤᠨ ᠳᠠᠭᠠᠳᠬᠠᠯ ᠤᠨ ᠨᠡᠶᠢᠭᠡᠮᠯᠢᠭ ᠤᠨ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠤᠯ ᠤᠨ ᠳᠡᠳ᠋ ᠰᠠᠶᠢᠳ ᠬᠤ᠋ ᠰᠢᠶᠤᠤ ᠢ ᠨᠠᠷ ᠵᠠᠷᠤᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠨᠡᠶᠢᠭᠡᠮ ᠤᠨ ᠳᠠᠭᠠᠳᠬᠠᠯ ᠤᠨ ᠨᠡᠶᠢᠭᠡᠮᠯᠢᠭ ᠤᠨ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠤᠯ ᠤᠨ ᠳᠡᠳ᠋ ᠳᠠᠷᠤᠭ᠎ᠠ ᠬᠤ᠋ ᠰᠢᠶᠤᠤ ᠢ ᠨᠠᠷ ᠵᠠᠷᠤᠳ ᠬᠤᠰᠢᠭᠤᠨ ᠳᠤ ᠢᠷᠡᠵᠦ᠂ ᠦᠨᠳᠦᠰᠦᠨ ᠨᠠᠰᠤᠵᠢᠯ ᠤᠨ ᠳᠠᠭᠠᠳᠬᠠᠯ ᠤᠨ ︽ᠮᠢᠩᠭᠠᠨ ᠲᠣᠰᠬᠤᠨ ᠢ ᠬᠠᠮᠤᠷᠬᠤ︾ ᠢᠨᠵᠧᠨᠧᠷᠢᠩ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠳᠤ ᠬᠠᠮᠲᠤ ᠶᠢᠨ ᠨᠥᠬᠦᠪᠥᠷᠢ ᠥᠭᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ᠂ ᠳᠡᠳ᠋ ᠬᠤᠰᠢᠭᠤᠨ ᠳᠠᠷᠤᠭ᠎ᠠ ᠬᠤᠤ ᠵᠢᠶᠠᠨ ᠬᠤᠸᠠ ᠵᠢᠴᠢ ᠬᠤᠰᠢᠭᠤᠨ ᠤ ᠬᠤᠯᠪᠣᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠪᠠ᠃     
微信图片_20250328094824.jpg
     ᠹᠦ᠋ ᠯᠢ ᠴᠦᠨ ᠴᠧᠩ ᠨᠡᠶᠢᠭᠡᠮ ᠲᠣᠭᠤᠷᠢᠭ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠡᠶᠢᠭᠡᠮ ᠲᠣᠭᠤᠷᠢᠭ ᠤᠨ ᠴᠤᠩᠬᠤᠪᠴᠢ ᠶᠢᠨ ᠠᠵᠢᠯᠲᠠᠨ ᠪᠣᠯᠤᠨ ᠰᠠᠭᠤᠭᠠᠯᠢ ᠠᠷᠠᠳ ᠲᠠᠢ ᠨᠢᠭᠤᠷᠳᠠᠨ ᠶᠠᠷᠢᠯᠴᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ ︽ᠮᠢᠩᠭᠠᠨ ᠲᠣᠰᠬᠤᠨ ᠢ ᠬᠠᠮᠤᠷᠬᠤ︾ ᠢᠨᠵᠧᠨᠧᠷᠢᠩ ᠪᠣᠯᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠠᠮᠲᠤ ᠶᠢᠨ ᠨᠥᠬᠦᠪᠥᠷᠢ ᠦᠭᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠢ ᠤᠢᠢᠯᠠᠭᠠᠭᠰᠠᠨ ᠪᠥᠭᠡᠳ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠵᠡᠷᠭᠡ ᠵᠦᠢᠯᠡᠰ ᠢ ᠰᠤᠳᠤᠯᠤᠨ ᠶᠠᠷᠢᠯᠴᠠᠪᠠ᠃    ᠳᠠᠷᠠᠭ᠎ᠠ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠪᠠᠲᠤ ᠪᠥᠬᠦ ᠬᠤᠰᠢᠭᠤᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ︽ᠮᠢᠩᠭᠠᠨ ᠲᠣᠰᠬᠤᠨ ᠢ ᠬᠠᠮᠤᠷᠬᠤ︾ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠮᠲᠤ ᠶᠢᠨ ᠨᠥᠬᠦᠪᠥᠷᠢ ᠦᠭᠬᠦ ᠠᠵᠢᠯ ᠤᠨ ᠪᠣᠳᠠᠲᠠᠶ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠶᠢ ᠨᠠᠷᠢᠨ ᠲᠣᠳᠣᠷᠬᠠᠶ ᠬᠠᠷᠢᠭᠤ ᠮᠡᠳᠡᠭᠦᠯᠪᠡ᠃     
微信图片_20250328094844.jpg
    ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤ᠋ ᠰᠢᠶᠤᠤ ᠢ ᠵᠠᠷᠤᠳ ᠬᠤᠰᠢᠭᠤᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ︽ᠮᠢᠩᠭᠠᠨ ᠲᠣᠰᠬᠤᠨ ᠢ ᠬᠠᠮᠤᠷᠬᠤ︾ ᠢᠨᠵᠧᠨᠧᠷᠢᠩ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠮᠲᠤ ᠶᠢᠨ ᠨᠥᠬᠦᠪᠥᠷᠢ ᠥᠭᠬᠦ ᠵᠢᠴᠢ ᠠᠵᠢᠯ ᠠᠴᠠ ᠪᠤᠯᠤᠭᠰᠠᠨ ᠬᠡᠮᠳᠤᠯ ᠤᠨ ᠨᠦᠬᠦᠯᠳᠡ ᠳᠠᠭᠠᠳᠬᠠᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ ᠱᠠᠭᠠᠷᠳᠠᠭᠰᠠᠨ ᠨᠢ᠂ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠳᠥᠭᠦᠮ ᠳᠥᠲᠡ᠂ ᠥᠨᠳᠥᠷ ᠪᠦᠲᠦᠮᠵᠢᠲᠡᠶ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠴᠢᠯᠡᠭᠡ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠠᠵᠢᠯᠯᠠᠭᠠᠨ ᠢ ᠦᠨᠡᠨ ᠬᠦ ᠪᠠᠲᠤᠯᠠᠵᠤ᠂ ᠥᠷᠭᠡᠨ ᠤᠯᠠᠨ ᠠᠷᠠᠳ ᠲᠦᠮᠡᠨ ᠳᠤ ᠨᠡᠩ ᠪᠠᠲᠤ ᠪᠠᠬᠢ ᠨᠡᠶᠢᠭᠡᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠳᠤᠮᠳᠠᠳᠤ ᠤᠯᠤᠰ ᠤᠨ ᠨᠡᠶᠢᠭᠡᠮ ᠤᠨ ᠳᠠᠭᠠᠳᠬᠠᠯ ᠤᠨ ᠨᠡᠶᠢᠭᠡᠮᠯᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠤᠰᠬᠠᠶ ᠵᠥᠪᠯᠡᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠵᠠ ᠬᠤᠩ ᠨᠢᠩ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠨ ᠭᠠᠩ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠶᠡᠷᠦᠩᠬᠡᠶᠢᠯᠡᠭᠰᠡᠨ ᠭᠠᠵᠠᠷ ᠤᠨ ᠳᠠᠷᠤᠭ᠎ᠠ ᠮᠠ ᠶᠦᠩ ᠸᠠᠩ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᠬᠠᠶ ᠵᠢᠶᠠᠩ᠂ ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠵᠣᠣ ᠯᠢᠩ ᠨᠡᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号