ᠵᠠᠷᠤᠳ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠬᠢᠨ ︽ᠬᠤᠷᠢᠨ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ︾ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/5
                 3 ᠰᠠᠷ᠎ᠠ ᠶᠢᠨ 3 ᠤ ᠡᠳᠦᠷ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠵᠠᠷᠤᠳ ᠵᠢᠢ ᠱᠢ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠬᠤᠰᠢᠭᠤᠨ ᠤ ᠵᠦᠩ ᠬᠤᠸᠠ ᠠᠭᠤᠳᠠᠮ ᠲᠠᠯᠠᠪᠠᠢ ᠳᠤ ᠴᠢᠬᠢ ᠪᠠᠨ ᠬᠠᠶᠢᠷᠠᠯᠠᠬᠤ ᠡᠳᠦᠷ ᠤᠨ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ ᠲᠠᠯᠠᠪᠤᠷ ᠲᠤ᠂ ᠠᠯᠪᠠᠨ ᠵᠢᠷᠤᠮ ᠤᠨ ᠡᠮᠴᠢᠯᠡᠭᠡ ᠬᠢᠬᠦ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠰᠣᠨᠣᠰᠬᠤ ᠴᠢᠳᠠᠪᠤᠷᠢ ᠶᠢᠨ ᠬᠤᠬᠢᠷᠠᠯ ᠤᠨ ᠬᠤᠤᠷ ᠬᠥᠨᠥᠭᠡᠯ ᠵᠢᠴᠢ ᠰᠡᠷᠭᠡᠶᠢᠯᠡᠨ ᠵᠠᠰᠠᠬᠤ ᠲᠤᠬᠠᠶ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠢ ᠵᠢᠯᠣᠭᠤᠳᠤᠨ ᠡᠷᠡᠭᠦᠯ ᠰᠠᠷᠠᠭᠤᠯ ᠠᠮᠢᠳᠤᠷᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠣᠯᠠᠨ ᠲᠦᠮᠡᠨ ᠢ ᠬᠠᠪᠰᠤᠷᠤᠨ ᠵᠡᠮᠳᠡᠭ ᠪᠣᠯᠬᠤ ᠶᠢ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠳᠦᠯᠡᠶ ᠶᠢ ᠰᠡᠷᠭᠡᠶᠢᠯᠡᠵᠦ ᠵᠠᠰᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠥᠷᠭᠡᠨ ᠢᠶᠠᠷ ᠤᠬᠠᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠴᠢᠬᠢ ᠪᠠᠨ ᠬᠠᠶᠢᠷᠠᠯᠠᠨ ᠬᠠᠮᠠᠭᠠᠯᠠᠬᠤ ᠱᠠᠭᠠᠷᠳᠠᠯᠭ᠎ᠠ ᠪᠠ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠪᠠ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠵᠤ᠂ ᠵᠡᠮᠳᠡᠭᠴᠦᠳ ᠤᠨ ᠦᠢᠯᠡᠰ ᠢ ᠬᠠᠯᠠᠮᠵᠢᠯᠠᠨ ᠬᠠᠪᠰᠤᠷᠴᠤ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃  
微信图片_20250304160816.jpg  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号