ᠦᠷᠭᠡᠨᠳᠠᠯ᠎ᠠ ᠲᠠᠷᠢᠶᠠᠯᠠᠩ ᠤᠨ ᠲᠠᠯᠠᠪᠠᠢ ᠪᠣᠯᠤᠨ ᠵᠦᠩ ᠺᠧᠨ ᠪᠦᠯᠦᠭᠯᠡᠯ ᠤᠨ ᠬᠢᠲᠠᠳ ᠡᠮ ᠤᠨ ᠰᠢᠨᠵᠢᠯᠡᠭᠡ ᠮᠡᠷᠭᠡᠵᠢᠯ ᠤᠨ ᠺᠣᠮᠫᠠᠨᠢ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/3/6
     3 ᠰᠠᠷ᠎ᠠ ᠶᠢᠨ 3 ᠤ ᠡᠳᠦᠷ᠂ ᠦᠷᠭᠡᠨᠲᠠᠯ᠎ᠠ ᠲᠠᠷᠢᠶᠠᠯᠠᠩ ᠤᠨ ᠲᠠᠯᠠᠪᠠᠢ ᠨᠢ ᠵᠥᠩ ᠺᠧᠨ ᠪᠦᠯᠦᠭᠯᠡᠯ ᠤᠨ ᠬᠢᠲᠠᠳ ᠡᠮ ᠤᠨ ᠰᠢᠨᠵᠢᠯᠡᠭᠡ ᠮᠡᠷᠭᠡᠵᠢᠯ ᠤᠨ ᠺᠣᠮᠫᠠᠨᠢ ᠲᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠬᠤᠶᠠᠷ ᠲᠠᠯ᠎ᠠ ᠪᠠᠷ ᠢᠶᠠᠨ ᠬᠢᠲᠠᠳ ᠡᠮ ᠤᠨ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠲᠤᠬᠠᠶ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠣᠶᠢᠯᠠᠭᠠᠭᠰᠠᠨ ᠢᠶᠠᠷ᠂ ᠭᠡᠷ᠎ᠡ ᠲᠣᠭᠲᠠᠭᠰᠠᠨ ᠤ ᠳᠠᠷᠠᠭ᠎ᠠ ᠬᠤᠶᠠᠷ ᠲᠠᠯ᠎ᠠ ᠪᠠᠷ ᠢᠶᠠᠨ ᠬᠢᠲᠠᠳ ᠡᠮ ᠡᠮᠨᠡᠯᠭᠡ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠲᠣᠭᠤᠷᠢᠨ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠶᠢᠨ ᠬᠠᠮᠲᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ︽ᠨᠢᠭᠡ ᠬᠡᠰᠡᠭ ᠡᠮ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠨᠢᠭᠡ ᠪᠦᠯᠦᠭ ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠵᠦ᠂ ᠨᠢᠭᠡ ᠪᠦᠯᠦᠭ ᠭᠤᠤᠯᠯᠠᠬᠤ ᠠᠵᠤ ᠦᠢᠯᠡᠰ ᠢ ᠬᠥᠭᠵᠢᠭᠦᠯᠬᠦ︾ ᠬᠢᠲᠠᠳ ᠡᠮ ᠤᠨ ᠮᠠᠲ᠋ᠧᠷᠢᠶᠠᠯ ᠤᠨ GAP ᠲᠠᠷᠢᠮᠠᠯ ᠤᠨ ︽ᠭᠤᠷᠪᠠᠨ ᠨᠢᠭᠡ ᠢᠨᠵᠧᠨᠧᠷᠢᠩ︾ ᠢ ᠬᠡᠷᠡᠭᠵᠢᠭᠦᠯᠵᠦ᠂ ᠬᠢᠲᠠᠳ ᠡᠮ ᠤᠨ ᠮᠠᠲ᠋ᠧᠷᠢᠶᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠢᠲᠠᠳ ᠡᠮ ᠤᠨ ᠮᠠᠲ᠋ᠧᠷᠢᠶᠠᠯ ᠤᠨ GAP ᠲᠠᠷᠢᠮᠠᠯ᠂ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠂ ᠪᠠᠷᠠᠭᠠᠨ ᠤ ᠭᠦᠢᠯᠭᠡᠭᠡ᠂ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠬᠢᠲᠠᠳ ᠡᠮ ᠤᠨ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠬᠢᠲᠠᠳ ᠡᠮ ᠤᠨ ᠮᠠᠲ᠋ᠧᠷᠢᠶᠠᠯ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃      
微信图片_20250305094836.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号