ᠵᠠᠷᠤᠳ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/3/6
    3 ᠰᠠᠷ᠎ᠠ ᠶᠢᠨ 3 ᠤ ᠡᠳᠦᠷ᠂ ᠵᠠᠷᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠸᠠᠩ ᠾᠧ ᠬᠤᠷᠠᠯ ᠳᠤ ᠣᠷᠣᠯᠴᠠᠵᠤ᠂ ᠬᠤᠰᠢᠭᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠲᠠᠯᠠᠪᠠᠶ ᠵᠢᠴᠢ ᠯᠦᠪᠸᠢ ᠵᠡᠭᠡᠯᠢ ᠭᠤᠳᠤᠮᠵᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ᠂ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
微信图片_20250305093756.jpg
    ᠬᠤᠷᠠᠯ ᠠᠴᠠ 2024 ᠣᠨ ᠤ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠢ ᠳ᠋ᠦᠩᠨᠡᠨ ᠡᠷᠭᠢᠴᠡᠭᠦᠯᠵᠦ᠂ ᠣᠳᠣᠬᠠᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠥᠯᠥᠪᠵᠢᠭᠦᠯᠦᠨ ᠪᠠᠶᠢᠷᠢᠯᠠᠭᠤᠯᠤᠭᠰᠠᠨ ᠪᠥᠭᠡᠳ 2025 ᠣᠨ ᠤ ᠪᠥᠬᠦ ᠣᠷᠣᠨ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ ᠯᠦᠪᠸᠢ ᠪᠠᠯᠭᠠᠰᠤ᠂ ᠰᠢᠶᠠᠩᠱᠠᠨ ᠪᠠᠯᠭᠠᠰᠤ᠂ ᠭᠠᠭ᠋ᠠᠶᠢᠲᠤ ᠪᠠᠯᠭᠠᠰᠤ᠂ ᠦᠯᠵᠡᠶᠢᠮᠦ᠋ᠷᠡᠨ ᠰᠤᠮᠤ ᠵᠡᠷᠭᠡ 4 ᠰᠤᠮᠤ ᠪᠠᠯᠭᠠᠰᠤᠨ ᠤ ᠲᠥᠯᠥᠭᠡᠯᠡᠭᠴᠢ ᠲᠣᠰ ᠲᠣᠰ 2024 ᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃    
微信图片_20250305093752.jpg
    ᠬᠤᠷᠠᠯ ᠠᠴᠠ᠂ ᠵᠠᠷᠤᠳ ᠬᠤᠰᠢᠭᠤ ᠪᠣᠯ ᠪᠦᠬᠦ ᠬᠤᠳᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠲᠠᠷᠢᠶᠠᠨ ᠭᠠᠵᠠᠷ ᠢ ᠬᠠᠮᠠᠭᠠᠯᠠᠬᠤ᠂ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠪᠣᠯᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠢᠶᠠᠷᠬᠤ ᠶᠡᠭᠡ ᠬᠤᠰᠢᠭᠤ ᠪᠣᠯᠤᠨ᠎ᠠ᠂ ᠵᠠᠷᠤᠳ ᠬᠤᠰᠢᠭᠤᠨ ᠳᠤ ᠠᠪᠴᠤ ᠬᠡᠯᠡᠪᠡᠯ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢ ᠪᠠᠲᠤᠯᠠᠬᠤ ᠪᠠ ᠬᠥᠭᠵᠢᠯᠲᠡ ᠶᠢ ᠪᠠᠲᠤᠯᠠᠬᠤ ᠡᠭᠦᠷᠭᠡ ᠬᠦᠨᠳᠦ᠂ ᠬᠠᠷᠢᠭᠤᠴᠠᠯᠭ᠎ᠠ ᠬᠦᠨᠳᠦ ᠪᠠᠶᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠶᠡᠭᠡ ᠲᠠᠯ᠎ᠠ ᠶᠢ ᠪᠣᠳᠣᠯᠬᠢᠯᠠᠵᠤ᠂ ᠪᠦᠬᠦ ᠲᠠᠯ᠎ᠠ ᠳᠤ ᠰᠠᠭᠤᠷᠢᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠠᠵᠢᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠬᠦ ᠪᠠ ᠣᠨᠣᠪᠴᠢᠲᠠᠢ ᠡᠷᠢᠵᠦ ᠤᠯᠬᠤ ᠬᠡᠷᠡᠭᠲᠡᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠰ ᠪᠠᠲᠤ ᠢᠲᠡᠭᠡᠯ᠂ ᠰᠢᠯᠢᠳᠡᠭ ᠰᠠᠶᠢᠨ ᠰᠤᠷᠲᠠᠯ᠂ ᠪᠣᠳᠠᠲᠠᠶ ᠶᠢ ᠡᠷᠬᠢᠮᠯᠡᠬᠦ ᠡᠷᠴᠢ ᠵᠣᠷᠢᠭ ᠢᠶᠠᠷ ᠭᠠᠵᠠᠷ ᠬᠡᠷᠡᠭᠯᠡᠬᠦ ᠪᠠᠲᠤᠯᠠᠭ᠎ᠠ᠂ ᠣᠷᠣᠨ ᠵᠠᠶ ᠶᠢᠨ ᠲᠥᠯᠥᠪᠵᠢᠭᠦᠯᠭᠡ᠂ ᠲᠠᠷᠢᠶᠠᠨ ᠭᠠᠵᠠᠷ ᠤᠨ ᠬᠠᠮᠠᠭᠠᠯᠠᠯᠲᠠ᠂ ᠭᠠᠵᠠᠷ ᠰᠢᠷᠤᠢ ᠶᠢᠨ ᠭᠠᠮᠰᠢᠭ ᠢ ᠰᠡᠷᠭᠡᠶᠢᠯᠡᠨ ᠵᠠᠰᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠭᠤᠷᠬᠠᠶ ᠶᠢᠨ ᠭᠠᠷᠤᠯᠲᠠ ᠶᠢ ᠨᠡᠭᠡᠭᠡᠨ ᠠᠰᠢᠭᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠦᠢᠯᠡᠴᠢᠯᠡᠭᠡ ᠨᠢ ᠥᠨᠳᠥᠷ ᠪᠦᠲᠦᠮᠵᠢᠲᠡᠶ᠂ ᠪᠠᠲᠤᠯᠠᠭ᠎ᠠ ᠨᠢ ᠬᠦᠴᠦᠲᠡᠶ᠂ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠪᠡ᠃    
微信图片_20250305093743.jpg
    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠲᠠᠯᠠᠪᠠᠶ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠲᠠᠪᠤ ᠶᠢ ᠨᠠᠶᠢᠳᠠᠪᠤᠷᠢᠵᠢᠭᠤᠯᠬᠤ ᠬᠡᠷᠡᠭᠲᠡᠶ᠃ ᠲᠤᠬᠠᠶᠢᠯᠠᠪᠠᠯ ᠪᠦᠯᠬᠦᠮᠳᠡᠯ ᠢ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠤᠷᠢᠭ᠎ᠠ ᠱᠤᠭᠤᠮ ᠢ ᠪᠠᠲᠤ ᠰᠠᠬᠢᠵᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠥᠪ ᠭᠤᠣᠯᠴᠢ ᠠᠷᠢᠭᠤᠨ ᠴᠢᠬᠡᠴᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠵᠡᠷᠭᠡ ᠪᠣᠯᠣᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠶ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠥᠨᠳᠥᠷ ᠲᠦᠪᠰᠢᠨ ᠢᠶᠠᠷ ᠨᠢᠭᠡᠳᠦᠯᠲᠡᠢ ᠲᠥᠯᠥᠪᠵᠢᠭᠦᠯᠬᠦ᠂ ᠥᠨᠳᠥᠷ ᠪᠦᠲᠦᠮᠵᠢᠲᠡᠢ ᠪᠠᠷ ᠠᠬᠢᠭᠤᠯᠬᠤ᠂ ᠥᠨᠳᠥᠷ ᠪᠠᠷᠢᠮᠵᠢᠶ᠎ᠠ ᠪᠠᠷ ᠪᠠᠲᠤᠯᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠩᠨᠡᠭᠡ ᠶᠢ ᠬᠦᠴᠦᠷᠬᠡᠭᠵᠢᠭᠦᠯᠵᠦ᠂ ᠰᠤᠷᠲᠠᠯ ᠢᠶᠠᠨ ᠬᠤᠪᠢᠷᠠᠭᠤᠯᠵᠤ᠂ ᠬᠠᠮᠤᠭ ᠤᠨ ᠡᠷᠡᠰ ᠰᠢᠭᠤᠷᠬᠠᠶ ᠣᠪᠣᠷ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠪᠠᠷ ᠠᠵᠢᠯ ᠢ ᠪᠣᠳᠠᠲᠠᠶ ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号