ᠬᠤᠤᠯᠢᠩᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2025/4/1
   3 ᠰᠠᠷ᠎ᠠ ᠶᠢᠨ 27 ᠤ ᠡᠳᠦᠷ᠂ ᠬᠤᠤᠯᠢᠩᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠮᠢᠨ ᠰᠢᠨᠵᠢᠯᠡᠨ ᠪᠠᠶᠢᠴᠠᠭᠠᠬᠤ ᠳᠤᠭᠤᠶᠢᠯᠠᠩ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠤᠷᠤᠯᠴᠠᠨ ᠰᠢᠨᠵᠢᠯᠡᠨ ᠪᠠᠶᠢᠴᠠᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠯᠦᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃     
微信图片_20250401091829.jpg
    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠲᠠᠰᠤᠭ᠂ ᠰᠢᠤᠢ ᠽᠠᠢ ᠰᠢᠩ ᠬᠠᠤᠯᠢ ᠴᠠᠭᠠᠵᠠ ᠶᠢᠨ ᠯᠠᠪᠯᠠᠯᠭ᠎ᠠ ᠶᠢᠨ ᠠᠵᠢᠯᠯᠠᠬᠤ ᠲᠠᠰᠤᠭ᠂ ᠵᠠᠩ ᠽᠢ ᠰᠢᠤᠸᠠᠢ ᠲᠥᠯᠥᠭᠡᠯᠡᠭᠴᠢ ᠶᠢᠨ ᠠᠵᠢᠯᠯᠠᠬᠤ ᠲᠠᠰᠤᠭ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠠᠷᠠᠳ ᠤᠨ ᠲᠥᠯᠥᠭᠡᠯᠡᠭᠴᠢ ᠶᠢᠨ ᠭᠡᠷ︾ ᠵᠡᠷᠭᠡ ᠭᠠᠵᠠᠷ ᠲᠤ ᠬᠦᠷᠴᠦ᠂ ᠠᠬᠤᠢ ᠭᠠᠵᠠᠷ ᠲᠤᠨᠢ ᠲᠣᠭᠤᠷᠢᠨ ᠦᠵᠡᠬᠦ ᠪᠠ ᠠᠬᠤᠢ ᠲᠠᠯᠠᠪᠤᠷ ᠲᠤ ᠰᠣᠯᠢᠯᠴᠠᠬᠤ ᠪᠠᠷ ᠲᠠᠮᠵᠢᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯᠯᠠᠬᠤ ᠲᠠᠰᠤᠭ ᠢ ᠪᠠᠶᠢᠭᠤᠯᠬᠤ ᠵᠢᠴᠢ ᠠᠵᠢᠯᠯᠠᠭᠤᠯᠬᠤ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ᠂ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠬᠤ ᠵᠡᠷᠭᠡ ᠲᠠᠯ᠎ᠠ ᠶᠢᠨ ᠠᠷᠭ᠎ᠠ ᠬᠢᠳᠡᠯ ᠪᠠ ᠲᠤᠷᠰᠢᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠲᠥᠯᠥᠭᠡᠯᠡᠭᠴᠢᠳ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠣᠯ ᠠᠷᠭ᠎ᠠ ᠬᠢᠳᠡᠯ᠂ ᠠᠵᠢᠯ ᠤᠨ ᠲᠤᠷᠰᠢᠯᠭ᠎ᠠ ᠵᠢᠴᠢ ᠣᠯᠤᠭᠰᠠᠨ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠵᠠᠷᠤᠳ ᠬᠤᠰᠢᠭᠤ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠦᠷᠢᠮ ᠢ ᠨᠠᠶᠢᠳᠠᠪᠤᠷᠢᠵᠢᠭᠤᠯᠬᠤ᠂ ᠠᠵᠢᠯ ᠲᠥᠷᠥᠯ ᠤᠨ ᠲᠥᠯᠥᠭᠡᠯᠡᠭᠴᠢ ᠶᠢᠨ ᠤᠶᠢᠯᠡᠳᠤᠯ ᠢ ᠪᠠᠳᠠᠷᠠᠭᠤᠯᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠶᠢᠨ ᠠᠵᠢᠯ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ᠂ ᠠᠭᠤᠯᠭ᠎ᠠ ᠪᠠᠶᠠᠯᠢᠭ᠂ ᠣᠨᠴᠠᠯᠢᠭ ᠢᠯᠡ ᠲᠣᠳᠣ ᠪᠠᠶᠢᠵᠤ᠂ ᠰᠤᠷᠤᠯᠴᠠᠭᠤᠰᠢᠲᠠᠢ ᠪᠠ ᠲᠣᠯᠢ ᠪᠣᠯᠭᠠᠵᠤ ᠪᠣᠯᠤᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠬᠤᠶᠠᠷ ᠭᠠᠵᠠᠷ ᠤᠨ ᠬᠢᠨ ᠨᠡᠪᠳᠡᠷᠡᠯᠴᠡᠭᠡ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠬᠠᠮᠲᠤᠪᠠᠷ ᠡᠭᠦᠳᠴᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号