| ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨᠨᠠᠶᠢᠲᠠᠪᠣᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ | ᠣᠯᠭᠤᠯᠲᠠ ᠶᠢ ᠪᠠᠲᠤᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠤᠤᠷᠢᠶᠠᠲᠤᠨ ᠳᠠᠭᠠᠵᠤ᠂ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠤᠰᠠᠳᠠ᠂ 3 ᠰᠠᠷ᠎ᠠ ᠶᠢᠨ | 28 ᠤ ᠡᠳᠦᠷ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠯᠦᠪᠸᠢ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠢᠦᠶ ᠱᠤ᠋ ᠳᠦᠨ ᠲᠣᠰᠬᠤᠨ ᠤ ᠠᠷᠠᠳ ᠤᠨ ᠵᠥᠪᠯᠡᠯ ᠭᠤᠷᠪᠠᠨ ᠱᠠᠲᠤ | ᠬᠤᠯᠪᠣᠭᠠᠯᠠᠨ ᠬᠥᠳᠡᠯᠦᠯᠴᠡᠵᠦ᠂ ᠢᠦᠶ ᠱᠤ᠋ ᠳᠦᠨ ᠲᠣᠰᠬᠤᠨ ᠤ ᠴᠤᠭᠯᠠᠭ᠎ᠠ ᠮᠠᠶᠢᠮᠠᠶ ᠳᠤ ︽ᠠᠵᠢᠯ ᠤᠨ ᠪᠠᠶᠢᠷᠢ | ᠬᠦᠷᠭᠡᠵᠦ᠂ ᠦᠨᠳᠦᠰᠦᠨ ᠱᠠᠲᠤᠨ ᠳᠤ ᠦᠢᠯᠡᠴᠢᠯᠡᠬᠦ︾ ᠠᠬᠤᠢ ᠲᠠᠯᠠᠪᠠᠶ ᠶᠢᠨ ᠠᠵᠢᠯᠲᠠᠨ ᠡᠯᠰᠡᠬᠦ ᠠᠵᠢᠯᠯᠠᠭ᠎ᠠ ᠶᠢ | ᠠᠮᠵᠢᠯᠲᠠ ᠲᠠᠢ ᠡᠷᠭᠢᠯᠡᠪᠡ᠃ | ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ︽ᠣᠨᠣᠴᠠᠲᠠᠶ ᠪᠠᠷ ᠵᠣᠯᠭᠠᠭᠤᠯᠵᠤ᠂ ᠣᠨᠣᠴᠠᠲᠠᠶ ᠪᠠᠷ | ᠦᠢᠯᠡᠴᠢᠯᠡᠬᠦ︾ ᠪᠠᠷ ᠤᠳᠤᠷᠢᠳᠤᠮᠵᠢ ᠪᠣᠯᠭᠠᠵᠤ᠂ ︽ᠭᠤᠤᠯᠳᠠᠯᠭ᠎ᠠ ᠲᠠᠢ ᠬᠥᠮᠦᠰ ᠤᠨ ᠴᠢᠨᠠᠷ ᠰᠠᠶᠢᠲᠠᠶ ᠭᠦᠢᠴᠡᠳ | ᠠᠵᠢᠯ ᠣᠯᠭᠤᠯᠲᠠ ᠶᠢ ᠠᠬᠢᠭᠤᠯᠬᠤ︾ ᠪᠠᠷ ᠬᠠᠷᠠᠯᠲᠠ ᠪᠣᠯᠭᠠᠵᠤ᠂ ᠬᠥᠳᠡᠭᠡ ᠲᠣᠰᠬᠤᠨ ᠤ ᠶᠡᠭᠡ ᠴᠤᠭᠯᠠᠭ᠎ᠠ | ᠮᠠᠶᠢᠮᠠᠶ ᠶᠢ ᠠᠰᠢᠭᠯᠠᠨ ︽ᠠᠵᠢᠯ ᠣᠯᠭᠤᠯᠲᠠ ᠶᠢ ᠠᠬᠢᠭᠤᠯᠬᠤ︾ ᠦᠢᠯᠡᠴᠢᠯᠡᠭᠡ ᠶᠢ ᠢᠯᠡ ᠪᠣᠯᠭᠠᠵᠤ᠂ | ᠭᠤᠤᠯᠳᠠᠯᠭ᠎ᠠ ᠲᠠᠢ ᠬᠥᠮᠦᠰ ᠲᠤ ᠥᠨᠳᠥᠷ ᠪᠦᠲᠦᠮᠵᠢᠲᠡᠶ ᠪᠠᠷ ᠠᠵᠢᠯ ᠣᠯᠭᠤᠬᠤ ᠶᠢ ᠵᠣᠯᠭᠠᠭᠤᠯᠬᠤ ᠲᠠᠪᠴᠠᠩ ᠢ | ᠪᠠᠶᠢᠭᠤᠯᠵᠤ ᠥᠭᠪᠡ᠃ ᠵᠢᠵᠢᠭ ᠬᠡᠯᠪᠡᠷᠢᠵᠢᠭᠰᠡᠨ᠂ ᠲᠤᠰᠬᠠᠶᠢᠵᠢᠭᠰᠠᠨ᠂ ᠨᠠᠷᠢᠯᠢᠭᠵᠢᠭᠰᠠᠨ ᠦᠢᠯᠡᠴᠢᠯᠡᠭᠡᠨ ᠤ | ᠵᠠᠭᠪᠤᠷ ᠢᠶᠠᠷ ᠳᠠᠮᠵᠢᠭᠤᠯᠤᠨ᠂ ︽ᠠᠵᠢᠯ ᠲᠥᠷᠥᠯ ᠤᠨ ᠨᠠᠷᠢᠨ ᠬᠤᠪᠢᠶᠠᠷᠢᠯᠠᠯ + ᠲᠤᠰᠬᠠᠢ ᠠᠵᠢᠯ ᠤᠨ ᠪᠠᠶᠢᠷᠢ | ᠲᠣᠭᠲᠠᠭᠠᠬᠤ︾ ᠰᠢᠭᠰᠢᠨ ᠰᠣᠩᠭᠤᠬᠤ ᠵᠠᠭᠪᠤᠷ ᠢ ᠪᠠᠶᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠠᠵᠢᠯ ᠤᠯᠬᠤ | ᠣᠨᠴᠠᠯᠢᠭ ᠲᠤ ᠴᠢᠭᠯᠡᠭᠦᠯᠦᠨ᠂ ᠲᠣᠰ ᠭᠠᠵᠠᠷ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠬᠢᠭᠡᠳ ᠭᠤᠤᠯᠳᠠᠯᠭ᠎ᠠ ᠲᠠᠢ ᠬᠥᠮᠦᠰ ᠤᠨ ᠠᠵᠢᠯ ᠡᠷᠢᠬᠦ ᠰᠠᠨᠠᠮᠵᠢ ᠶᠢ ᠤᠷᠢᠳᠴᠢᠯᠠᠨ ᠤᠶᠢᠯᠠᠭᠠᠨ | ᠵᠢᠭᠰᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠡᠳ᠋ᠰᠢᠭᠦᠯᠦᠨ ᠦᠢᠯᠡᠳᠬᠦ ᠵᠡᠷᠭᠡ 10 ᠴᠢᠨᠠᠷ ᠰᠠᠶᠢᠲᠠᠶ ᠠᠵᠤ | ᠠᠬᠤᠶᠢᠯᠠᠯ ᠢ ᠲᠦᠢᠯ ᠤᠨ ᠣᠨᠣᠪᠴᠢᠲᠠᠶ ᠪᠠᠷ ᠰᠢᠭᠰᠢᠨ ᠰᠣᠩᠭᠤᠵᠤ᠂ ᠭᠦᠢᠴᠡᠳᠭᠡᠬᠦ ᠠᠵᠢᠯᠴᠢᠨ ᠵᠡᠷᠭᠡ | ᠳᠣᠭᠢᠷᠠᠭᠰᠠᠨ ᠠᠵᠢᠯ ᠤᠨ ᠪᠠᠶᠢᠷᠢ 130 ᠬᠠᠩᠭᠠᠪᠠ᠃ ᠣᠨᠣᠴᠠᠲᠠᠢ ᠵᠣᠬᠢᠴᠠᠭᠤᠯᠬᠤ ᠪᠠᠷ ᠳᠡᠮᠵᠢᠨ᠂ 10 ᠠᠵᠢᠯ | ᠡᠷᠢᠭᠴᠢ ᠪᠣᠯᠤᠨ ᠬᠥᠮᠦᠨ ᠬᠡᠷᠡᠭᠯᠡᠬᠦ ᠨᠢᠭᠡᠴᠢ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠲᠣᠭᠲᠠᠵᠤ᠂ ᠡᠭᠦᠨ ᠳᠤ | ᠪᠦᠬᠦᠯᠢ 45 ᠨᠠᠰᠤᠨ ᠠᠴᠠ ᠳᠡᠭᠡᠭᠰᠢᠬᠢ ᠠᠵᠢᠯ ᠡᠷᠢᠭᠴᠢ 6 ᠬᠥᠮᠦᠨ ᠪᠠᠶᠢᠵᠤ᠂ ᠬᠠᠩᠭᠠᠯᠭ᠎ᠠ ᠬᠡᠷᠡᠭᠴᠡᠭᠡ ᠬᠤᠶᠠᠷ | ᠲᠠᠯ᠎ᠠ ᠶᠢᠨ ᠥᠨᠳᠥᠷ ᠪᠦᠲᠦᠮᠵᠢᠲᠡᠶ ᠵᠣᠯᠭᠠᠯᠳᠤᠯ ᠢ ᠪᠡᠶᠡᠯᠡᠭᠦᠯᠪᠡ᠃ | ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠳᠡᠭᠡᠷ᠎ᠡ ᠬᠥᠮᠦᠨ ᠤ ᠲᠤᠭ᠎ᠠ ᠣᠯᠠᠰᠢᠷᠠᠵᠤ᠂ ᠦᠨ᠎ᠡ ᠬᠠᠶᠠᠯᠴᠠᠬᠤ | ᠳᠠᠭᠤᠨ ᠳᠤᠮᠳᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠠᠭᠤᠨ ᠬᠤᠯᠢᠯᠳᠤᠵᠤ ᠪᠠᠶᠢᠨ᠎ᠠ᠃ ᠠᠵᠢᠯᠲᠠᠳ | ᠴᠤᠭᠯᠠᠭ᠎ᠠ ᠮᠠᠶᠢᠮᠠᠶ ᠳᠤ ᠰᠦᠯᠵᠢᠯᠳᠦᠵᠦ᠂ ᠭᠠᠷ ᠲᠠᠬᠢ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠭᠠᠷ ᠳᠡᠪᠲᠡᠷ ᠢ ᠣᠯᠠᠨ ᠲᠦᠮᠡᠨ ᠳᠤ ᠲᠠᠷᠬᠠᠭᠠᠵᠤ᠂ ᠲᠥᠷᠥ ᠶᠢᠨ ᠪᠣᠳᠣᠯᠭ᠎ᠠ ᠶᠢ ᠠᠷᠠᠳ ᠲᠤ | ᠠᠰᠢᠭ ᠬᠦᠷᠲᠡᠭᠡᠵᠦ᠂ ᠠᠷᠠᠳ ᠲᠤ ᠨᠠᠶᠢᠳᠠᠪᠤᠷᠢᠵᠢᠭᠤᠯᠪᠠ᠃ ᠲᠠᠷᠬᠠᠭᠰᠠᠨ ᠤ ᠳᠠᠷᠠᠭᠠᠬᠢ ᠭᠤᠤᠯ ᠠᠵᠢᠯᠲᠠᠳ ᠣᠯᠠᠨ | ᠲᠦᠮᠡᠨ ᠤ ᠬᠡᠷ ᠲᠤ ᠬᠦᠷᠴᠦ᠂ ᠣᠯᠠᠨ ᠲᠦᠮᠡᠨ ᠲᠠᠢ ᠣᠶᠢᠷᠠᠲᠤᠭᠰᠠᠨ ᠦᠭᠡ ᠶᠠᠷᠢᠶ᠎ᠠ ᠪᠠᠷ ᠲᠡᠳᠡᠨ ᠳᠤ ᠠᠵᠢᠯ ᠤᠨ | ᠪᠠᠶᠢᠷᠢ ᠶᠢᠨ ᠠᠵᠢᠯ ᠤᠨ ᠠᠭᠤᠯᠭ᠎ᠠ᠂ ᠮᠡᠷᠭᠡᠵᠢᠯ ᠤᠨ ᠴᠢᠳᠠᠪᠤᠷᠢ ᠶᠢᠨ ᠱᠠᠭᠠᠷᠳᠠᠯᠭ᠎ᠠ ᠵᠢᠴᠢ ᠴᠠᠯᠢᠩ ᠠᠰᠠᠷᠠᠮᠵᠢ ᠵᠡᠷᠭᠡ | ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠦᠯᠢᠴᠡᠩᠭᠦᠶ ᠪᠠᠷ ᠲᠠᠨᠢᠯᠴᠠᠭᠤᠯᠤᠨ ᠥᠭᠴᠦ᠂ ᠠᠵᠢᠯ ᠤᠨ ᠪᠠᠶᠢᠷᠢ᠂ ᠠᠵᠢᠯ | ᠣᠯᠭᠤᠯᠲᠠ ᠶᠢᠨ ᠲᠥᠷᠥ ᠶᠢᠨ ᠪᠣᠳᠣᠯᠭ᠎ᠠ ᠪᠠ ᠰᠢᠯᠢᠳᠡᠭ ᠦᠢᠯᠡᠴᠢᠯᠡᠭᠡ ᠶᠢ ᠲᠠᠷᠢᠶᠠᠴᠢᠨ ᠡᠷᠦᠬᠡ ᠳᠤ ᠬᠦᠷᠭᠡᠵᠦ᠂ | ᠨᠠᠩ ᠣᠯᠠᠨ ᠲᠦᠮᠡᠨ ᠤ ᠬᠡᠷ ᠤᠨ ᠡᠭᠦᠳᠡᠨ ᠳᠡᠭᠡᠨ ᠠᠵᠢᠯ ᠤᠯᠬᠤ ᠶᠢ ᠠᠬᠢᠭᠤᠯᠤᠨ᠂ ᠠᠵᠢᠯ ᠣᠯᠭᠤᠯᠲᠠ ᠶᠢᠨ | ᠦᠢᠯᠡᠴᠢᠯᠡᠭᠡ ᠶᠢ ᠦᠨᠡᠨ ᠬᠦ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠲᠣᠰ | ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠣᠰ ᠭᠠᠵᠠᠷ ᠤᠨ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠨ᠂ ︽ᠲᠥᠷᠥ ᠶᠢᠨ ᠪᠣᠳᠣᠯᠭ᠎ᠠ ᠶᠢᠨ ᠰᠢᠭᠤᠳ ᠨᠡᠪᠲᠡᠷᠡᠬᠦ ᠲᠡᠷᠭᠡ︾᠂ ︽ᠠᠵᠢᠯ ᠤᠨ ᠪᠠᠶᠢᠷᠢ ᠶᠢᠨ | ᠲᠦᠷᠭᠡᠨ ᠬᠦᠷᠭᠡᠯᠲᠡ︾ ᠵᠡᠷᠭᠡ ᠤᠨᠴᠠᠯᠢᠭ᠍ᠳᠦ ᠦᠢᠯᠡᠴᠢᠯᠡᠭᠡ ᠶᠢ ᠥᠷᠭᠡᠳᠬᠡᠵᠦ᠂ ᠰᠢᠯᠢᠳᠡᠭ ᠦᠢᠯᠡᠴᠢᠯᠡᠭᠡᠨ ᠤ ᠡᠬᠢ | ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠠᠵᠢᠯ ᠡᠷᠢᠬᠦ ᠰᠠᠨᠠᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ | ᠬᠥᠳᠡᠯᠦᠩᠭᠦᠶ ᠪᠠᠷ ᠲᠡᠭᠦᠯᠳᠡᠷᠵᠢᠭᠦᠯᠵᠦ᠂ ᠵᠢᠵᠢᠭ ᠲᠣᠰᠬᠠᠶᠢᠵᠢᠭᠰᠠᠨ ᠣᠨᠣᠴᠠᠲᠠᠢ ᠠᠵᠢᠯᠲᠠᠨ ᠡᠯᠰᠡᠬᠦ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠦᠢᠯᠡᠴᠢᠯᠡᠭᠡᠨ ᠤ ᠪᠣᠳᠠᠲᠤ ᠣᠶᠢᠷ᠎ᠠ ᠪᠦᠲᠦᠮᠵᠢ ᠶᠢ ᠣᠨᠣᠴᠠᠲᠠᠶ ᠪᠠᠷ | ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠬᠥᠮᠦᠰ ᠤᠨ ᠠᠵᠢᠯ ᠣᠯᠵᠤ ᠦᠢᠯᠡᠰ ᠴᠣᠭᠴᠠᠯᠠᠬᠤ ᠳᠤ ᠦᠨᠡᠨ ᠬᠦ | ᠪᠠᠲᠤᠯᠠᠭ᠎ᠠ ᠬᠠᠩᠭᠠᠪᠠ᠃ |