ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/4/10
    4 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠲᠥᠪ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2025 ᠣᠨ ᠤ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     
微信图片_20250410151927.jpg
    ᠬᠤᠷᠠᠯ ᠠᠴᠠ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠭᠤᠤᠯ ᠱᠤᠭᠤᠮ ᠢ ᠲᠤᠭᠤᠰᠢᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠨᠢᠭᠲᠠ ᠤᠶᠠᠯᠳᠤᠭᠤᠯᠤᠨ᠂ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠣᠷᠳᠣ ᠬᠤᠭᠤᠴᠠᠭ᠎ᠠ ᠪᠠᠷ ᠲᠥᠷᠥ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠵᠠᠷᠤᠳ ᠤᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠳᠤ ᠲᠦᠪᠯᠡᠷᠡᠭᠦᠯᠤᠨ ᠦᠢᠯᠡᠴᠢᠯᠡᠬᠦ ᠶᠢ ᠨᠡᠶᠢᠭᠡᠮ ᠤᠨ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠵᠤ ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠵᠣᠪᠠᠵᠤ ᠪᠠᠶᠢᠭ᠎ᠠ ᠶᠠᠪᠤᠳᠠᠯ᠂ ᠬᠦᠴᠢᠷᠳᠡᠵᠦ ᠪᠠᠶᠢᠭ᠎ᠠ ᠶᠠᠪᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶ᠎ᠡ ᠴᠠᠷ᠎ᠠ ᠳᠠᠬᠢ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠤᠯᠠᠨ ᠲᠠᠯ᠎ᠠ ᠪᠠᠷ ᠤᠷᠲᠤᠳᠬᠠᠨ ᠪᠦᠷᠬᠦᠬᠦᠯᠬᠦ ᠶᠢ ᠥᠷᠭᠡᠳᠬᠡᠵᠦ᠂ ᠤᠨᠤᠴᠠᠳᠠᠢ ᠠᠷᠭ᠎ᠠ ᠪᠤᠳᠤᠯᠭ᠎ᠠ ᠬᠡᠷᠡᠭᠵᠢᠭᠦᠯᠵᠦ ᠶᠠᠰᠤ ᠴᠢᠨᠠᠷ ᠢ ᠳᠡᠭᠡᠭᠰᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ᠬᠦᠴᠦᠷᠬᠡᠭ ᠬᠦᠳᠦᠯᠦᠨ ᠳᠠᠭᠠᠭᠤᠯᠵᠤ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶ᠎ᠡ ᠴᠠᠷ᠎ᠠ ᠳᠠᠬᠢ ᠤᠷᠢᠶᠠᠯᠠᠬᠤ ᠬᠦᠴᠦᠨ ᠨᠢᠭᠲᠠᠷᠠᠯ ᠤᠨ ᠬᠦᠴᠦᠨ ᠨᠥᠯᠥᠭᠡᠯᠡᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠴᠢᠳᠠᠪᠤᠷᠢᠲᠠᠨ ᠢ ᠨᠥᠭᠡᠴᠡᠯᠡᠬᠦ ᠪᠠ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠤᠣᠰ ᠴᠢᠭᠯᠡᠯ ᠢᠶᠠᠷ ᠬᠦᠴᠦᠯᠡᠵᠦ᠂ ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠢ ᠪᠤᠶᠢᠵᠢᠭᠤᠯᠤᠨ ᠨᠥᠭᠡᠴᠡᠯᠡᠬᠦ ᠠᠵᠢᠯ ᠢ ᠪᠣᠳᠠᠲᠠᠢ ᠠᠳᠬᠤᠵᠤ᠂ ᠬᠥᠮᠥᠷᠭᠡ ᠪᠠᠶᠢᠭᠤᠯᠤᠨ ᠨᠥᠭᠡᠴᠡᠯᠡᠬᠦ᠂ ᠬᠥᠳᠡᠯᠦᠩᠭᠦᠢ ᠪᠠᠷ ᠬᠠᠮᠢᠶᠠᠷᠬᠤ ᠶᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠲᠣᠭᠲᠠᠭᠤᠨ ᠡᠮᠬᠢ ᠵᠢᠷᠤᠮ ᠲᠠᠢ ᠰᠠᠶᠢᠲᠤᠷ ᠬᠢᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠤᠨ ᠠᠵᠢᠯ ᠢ ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠤᠯᠠᠨ ᠡᠰᠢᠵᠢᠬᠦᠯᠦᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠲᠡᠢ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠠᠶᠢᠩᠭᠤᠵᠢᠭᠤᠯᠤᠭᠰᠠᠨ ᠲᠣᠭᠲᠠᠴᠠ ᠶᠢ ᠲᠡᠭᠦᠯᠳᠡᠷᠵᠢᠭᠦᠯᠵᠦ᠂ 12345 ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ᠂ ᠰᠦᠯᠵᠢᠶᠡᠨ ᠤ ᠵᠠᠬᠢᠳᠠᠯ ᠤᠨ ᠬᠠᠶᠢᠷᠴᠠᠭ ᠵᠡᠷᠭᠡ ᠲᠠᠪᠴᠠᠩ ᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠣᠯᠠᠨ ᠲᠦᠮᠡᠨ ᠤ ︽ᠰᠤᠳᠤᠨ ᠤᠬᠠᠭᠠᠨ︾ ᠢ ᠠᠰᠠᠭᠤᠳᠠᠯ ᠢ ᠰᠢᠢᠳᠪᠤᠷᠢᠯᠡᠬᠦ᠂ ᠬᠥᠭᠵᠢᠯᠲᠡ ᠶᠢ ᠠᠬᠢᠭᠤᠯᠬᠤ ︽ᠠᠯᠲᠠᠨ ᠲᠦᠯᠬᠢᠭᠦᠷ︾ ᠪᠣᠯᠭᠠᠨ ᠬᠤᠪᠢᠷᠠᠭᠤᠯᠬᠤ ᠬᠡᠷᠡᠭᠲᠡᠶ᠃ ᠬᠡᠪ ᠴᠢᠨᠠᠷ ᠢᠶᠠᠷ ᠴᠠᠭᠠᠷᠠᠭᠰᠠᠨ ᠲᠤᠰᠬᠠᠶ ᠮᠡᠷᠭᠡᠵᠢᠯ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠨᠡᠶᠢᠭᠡᠮ ᠤᠨ ᠠᠵᠢᠯ ᠤᠨ ᠡᠩᠨᠡᠭᠡ ᠶᠢᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠰᠢᠨ᠎ᠡ ᠪᠠᠷ ᠠᠵᠢᠯ ᠣᠯᠤᠭᠰᠠᠨ ᠬᠥᠮᠦᠰ ᠢ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠨ᠂ ᠪᠥᠬᠦ ᠬᠤᠰᠢᠭᠤᠨ ᠤ ᠨᠡᠶᠢᠭᠡᠮ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠪᠥᠬᠦ ᠬᠤᠰᠢᠭᠤᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃      
微信图片_20250410151923.jpg
    ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠂ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ᠂ ᠵᠢᠷᠤᠮᠵᠢᠭᠤᠯᠤᠭᠰᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ︵ᠡᠷᠬᠢᠯᠡᠭᠴᠢ︶᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ᠂ ᠨᠡᠶᠢᠭᠡᠮ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠪᠠᠭ ᠤᠨ ᠭᠡᠰᠢᠬᠦᠨ᠂ ᠨᠡᠶᠢᠭᠡᠮ ᠤᠨ ᠠᠵᠢᠯ ᠤᠨ ᠬᠡᠯᠲᠡᠰ ᠤᠨ ᠪᠠᠶᠢᠭᠤᠯᠭ᠎ᠠ ᠶᠢᠨ ᠪᠥᠬᠦ ᠺᠠᠳ᠋ᠷ ᠬᠤᠷᠠᠯ ᠳᠤ ᠤᠷᠤᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号