ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠬᠠᠮᠲᠣᠷᠠᠯᠴᠠᠵᠤ ᠬᠦᠭᠵᠢᠯᠲᠡ ᠶᠢ ᠡᠷᠢᠯᠬᠢᠯᠡᠨ᠎ᠡ ---- ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠮᠠᠨ ᠤ ᠬᠤᠰᠢᠭᠤᠨ ᠳᠤ ᠢᠷᠡᠵᠦ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ ᠪᠠᠶᠢᠴᠠᠭᠠᠨ ᠰᠤᠳᠣᠯᠣᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/14
     ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠰᠠᠶᠢᠲᠤᠷ ᠵᠣᠯᠭᠠᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ ᠂ ᠳᠡᠳ᠋ ᠵᠠᠬᠢᠷᠤᠯ ᠸᠠᠩ ᠪᠠᠶ ᠲᠤᠤ ᠬᠠᠮᠲᠤ ᠶᠠᠪᠣᠭᠰᠠᠳ ᠲᠠᠢ ᠪᠠᠨ ᠮᠠᠨ ᠤ ᠬᠤᠰᠢᠭᠤᠨ ᠳᠤ ᠭᠦᠨᠵᠡᠭᠡᠶᠢᠷᠡᠨ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠬᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠵᠢᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠠᠵᠢᠯ ᠣᠯᠭᠤᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠬᠢᠨ ᠤᠷᠢᠳ ᠬᠤᠵᠢᠳ ᠥᠪᠥᠷ ᠮᠣᠩᠭᠤᠯ ᠤᠨ ᠵᠠᠷᠤᠳ ᠬᠤᠰᠢᠭᠤᠨ ᠤ ᠮᠥ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠲᠦᠩᠯᠢᠶᠣᠤ ᠶᠢᠨ ᠾᠧ ᠮᠠ ᠶᠢᠨ ᠴᠢᠶᠣᠤ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 2 ᠠᠵᠤ ᠠᠬᠤᠶᠢᠯᠠᠯ ᠵᠢᠴᠢ ᠵᠠᠷᠤᠳ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠲᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶ᠎ᠡ᠂ ᠠᠵᠢᠯᠯᠠᠭᠠᠨ ᠤ ᠪᠠᠶᠢᠳᠠᠯ᠂ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ᠂ ᠤᠶᠤᠲᠠᠳ ᠤᠨ ᠠᠵᠢᠯ ᠣᠯᠭᠤᠯᠲᠠ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠲᠥᠪᠯᠡᠷᠡᠩᠭᠦᠶ ᠪᠠᠷ ᠬᠥᠮᠦᠨ ᠬᠡᠷᠡᠭᠯᠡᠬᠦ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ ᠲᠤᠬᠠᠶ ᠰᠤᠳᠤᠯᠤᠨ ᠶᠠᠷᠢᠯᠴᠠᠪᠠ᠃     ᠲᠣᠰ ᠤᠳᠠᠭᠠᠨ ᠤ ᠠᠵᠢᠯᠯᠠᠭ᠎ᠠ ᠨᠢ ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ︾ ᠲᠣᠭᠲᠠᠴᠠ ᠪᠠᠶᠢᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠤᠭᠰᠠᠨ ᠢᠶᠠᠷ ᠪᠠᠷᠠᠬᠤ ᠥᠬᠡᠶ᠂ ᠵᠠᠬᠢᠶᠠᠯᠠᠭ᠎ᠠ ᠶᠢᠨ ᠬᠡᠯᠪᠡᠷᠢ ᠪᠠᠷ ᠴᠢᠳᠠᠪᠤᠷᠢᠲᠠᠨ ᠢ ᠬᠥᠮᠦᠵᠢᠭᠦᠯᠬᠦ ᠪᠠ ᠴᠢᠳᠠᠪᠤᠷᠢᠲᠠᠨ ᠤ ︽ᠬᠠᠩᠭᠠᠯᠭ᠎ᠠ ᠬᠡᠷᠡᠭᠴᠡᠭᠡᠨ ᠤ ᠬᠡᠯᠬᠢᠶᠡᠰᠦ︾ ᠶᠢᠨ ᠬᠥᠭᠵᠢᠯᠲᠡ ᠶᠢᠨ ᠵᠠᠭᠪᠤᠷ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠳᠤ ᠰᠢᠨ᠎ᠡ ᠰᠡᠳᠬᠢᠴᠡ ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠠᠵᠤ ᠠᠬᠤᠶᠢᠯᠠᠯ ᠤᠨ ︽ᠬᠤᠶᠠᠷ ᠴᠢᠭᠯᠡᠯ︾ ᠤᠨ ᠰᠣᠩᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号