| 3 ᠰᠠᠷ᠎ᠠ ᠶᠢᠨ 28 ᠤ ᠡᠳᠦᠷ᠂ ᠵᠠᠷᠤᠳ ᠬᠤᠰᠢᠭᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠬᠢᠯᠠᠰ | ᠴᠡᠭ ᠤᠨ ᠠᠵᠢᠯ ᠢ ᠠᠬᠢᠭᠤᠯᠬᠤ ᠬᠤᠷᠠᠯ ᠬᠢᠵᠦ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠬᠢᠨ ᠬᠤᠷᠠᠯ ᠳᠤ ᠣᠷᠣᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠷ᠎ᠠ ᠬᠠᠭᠤᠳᠠᠰᠤ | ︵ᠬᠠᠷᠢᠯᠴᠠᠬᠤ ᠤᠲᠠᠰᠤ ᠶᠢᠨ ᠳᠡᠪᠲᠡᠷ︶ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ | ᠬᠠᠮᠲᠤ ᠪᠠᠷ ᠵᠥᠪᠳᠡᠯᠴᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠰᠢᠨ᠎ᠡ ᠠᠷᠭ᠎ᠠ ᠵᠠᠮ ᠢ ᠵᠢᠷᠤᠭᠯᠠᠪᠠ᠃ | ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠷ᠎ᠠ ᠬᠠᠭᠤᠳᠠᠰᠤ ᠶᠢᠨ ᠪᠥᠲᠥᠭᠡᠨ | ᠪᠠᠶᠢᠭᠤᠯᠤᠯᠲᠠ ᠪᠣᠯ ᠣᠷᠣᠨ ᠬᠤᠲᠠ ᠬᠤᠶᠠᠷ ᠱᠠᠲᠤᠨ ᠤ ᠠᠵᠤ ᠠᠬᠤᠶ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ︽ᠪᠥᠬᠦ ᠲᠠᠯ᠎ᠠ ᠪᠠᠷ | ᠬᠦᠴᠢᠷᠳᠡᠯᠲᠡᠶ ᠪᠠᠶᠢᠳᠠᠯ ᠢ ᠰᠢᠪᠲᠤᠯᠵᠤ᠂ ᠴᠢᠨᠠᠷ ᠰᠠᠶᠢᠲᠠᠶ ᠪᠠᠷ ᠳᠠᠪᠠᠨ ᠭᠠᠷᠴᠤ ᠬᠥᠭᠡᠭᠡᠨ ᠭᠦᠢᠴᠡᠬᠦ︾ | ᠬᠠᠷᠠᠯᠲᠠ ᠶᠢᠨ ᠲᠣᠭᠤᠷᠢᠨ ᠳᠤ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢᠶᠠᠷ ᠠᠷᠠᠳ ᠤᠨ ᠡᠵᠡᠩᠨᠡᠯᠲᠡ ᠶᠢᠨ | ᠰᠢᠯᠢᠳᠡᠭ ᠠᠵᠤ ᠠᠬᠤᠶᠢᠯᠠᠯ ᠤᠨ ᠡᠬᠢ ᠪᠠᠶᠠᠯᠢᠭ ᠢ ᠨᠢᠭᠡᠳᠭᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠤᠬᠠᠭᠤᠯᠤᠨ ᠳᠡᠯᠭᠡᠷᠡᠭᠦᠯᠬᠦ ᠳᠤ ᠬᠦᠴᠢᠷ᠂ ᠠᠵᠤ ᠦᠢᠯᠡᠰ ᠤᠨ ᠬᠡᠯᠬᠢᠶ᠎ᠡ ᠶᠢᠨ ᠵᠣᠯᠭᠠᠯᠴᠠᠭ᠎ᠠ | ᠰᠢᠯᠣᠭᠤᠳᠬᠠᠨ ᠦᠭᠡᠢ ᠵᠡᠷᠭᠡ ᠡᠮᠵᠡᠭ ᠲᠠᠯ᠎ᠠ ᠶᠢ ᠰᠢᠢᠳᠪᠦᠷᠢᠯᠡᠨ᠎ᠡ ᠭᠡᠵᠦ ᠵᠢᠭᠠᠪᠣᠷᠢᠯᠠᠪᠠ᠃ | ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠷ᠎ᠠ ᠬᠠᠭᠤᠳᠠᠰᠤ ᠨᠢ ᠮᠡᠳᠡᠭᠡ ᠵᠠᠩᠭᠢ ᠶᠢ | ᠳᠡᠯᠭᠡᠨ ᠦᠵᠡᠭᠦᠯᠬᠦ ᠴᠣᠩᠬᠤ ᠪᠣᠯᠬᠤ ᠪᠠᠷ ᠪᠠᠷᠠᠬᠤ ᠦᠭᠡᠢ᠂ ᠨᠡᠩ ᠴᠤ ᠰᠢᠶᠠᠨ ᠤ ᠬᠡᠪᠴᠢᠶᠡᠨ ᠤ ᠠᠵᠤ ᠠᠬᠤᠢ ᠶᠢᠨ | ᠲᠣᠭᠠᠴᠢᠯᠠᠭᠰᠠᠨ ᠵᠠᠰᠠᠯᠲᠠ ᠶᠢᠨ ᠥᠭᠡᠷᠡᠴᠢᠯᠡᠯᠲᠡ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ ᠠᠵᠤ ᠠᠬᠤᠶᠢᠯᠠᠯ ᠤᠨ | ᠰᠢᠷ᠎ᠠ ᠬᠠᠭᠤᠳᠠᠰᠤ ᠶᠢᠨ ᠴᠢᠳᠠᠮᠵᠢ ᠶᠢᠨ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠨᠢᠭᠡ ᠲᠠᠯ᠎ᠠ ᠪᠠᠷ᠂ ᠳᠤᠮᠳᠠ ᠪᠠᠭ᠎ᠠ | ᠵᠢᠵᠢᠭ ᠠᠵᠤ ᠠᠬᠤᠶᠢᠯᠠᠯ ᠳᠤ ᠦᠨ᠎ᠡ ᠲᠥᠯᠥᠪᠦᠷᠢ ᠥᠬᠡᠶ ᠪᠠᠷ ᠳᠡᠯᠭᠡᠨ ᠦᠵᠡᠭᠦᠯᠬᠦ ᠲᠠᠪᠴᠠᠩ ᠬᠠᠩᠭᠠᠵᠤ᠂ 360 | ᠭᠷᠠᠳᠦ᠋ᠰ ᠤᠨ ᠪᠥᠬᠦ ᠦᠵᠡᠮᠵᠢ ᠶᠢᠨ ᠳᠦᠷᠰᠦ᠂ ᠣᠯᠠᠨ ᠬᠡᠮᠵᠢᠯᠳᠦ ᠱᠣᠰᠢᠭ᠎ᠠ ᠶᠢ ᠲᠥᠷᠥᠯ ᠬᠤᠪᠢᠶᠠᠬᠤ ᠵᠡᠷᠭᠡ | ᠴᠢᠳᠠᠮᠵᠢ ᠪᠠᠷ ᠳᠠᠮᠵᠢᠭᠤᠯᠤᠨ᠂ ᠡᠵᠡᠩᠨᠡᠨ ᠪᠣᠷᠣᠯᠠᠭᠤᠯᠬᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ | ᠠᠬᠤᠶᠢᠯᠠᠯ ᠰᠦᠯᠵᠢᠶᠡᠨ ᠳᠤ ᠲᠦᠰᠢᠭᠯᠡᠨ ᠬᠡᠯᠪᠡᠷᠢ ᠪᠠᠨ ᠬᠤᠪᠢᠷᠠᠭᠤᠯᠪᠠ︔ ᠨᠦᠭᠦᠭᠡ ᠲᠠᠯ᠎ᠠ ᠪᠠᠷ᠂ ᠰᠤᠯᠠ ᠪᠠᠶᠢᠭ᠎ᠠ | ᠦᠢᠯᠡᠳᠪᠦᠷᠢ ᠶᠢᠨ ᠬᠡᠷ ᠪᠠᠶᠢᠰᠢᠩ᠂ ᠮᠡᠷᠭᠡᠵᠢᠯ ᠤᠨ ᠬᠠᠮᠲᠤᠷᠠᠯᠴᠠᠭᠠᠨ ᠤ ᠬᠡᠷᠡᠭᠴᠡᠭᠡ ᠱᠠᠭᠠᠷᠳᠠᠯᠭ᠎ᠠ ᠵᠡᠷᠭᠡ ᠮᠡᠳᠡᠭᠡ | ᠵᠠᠩᠭᠢ ᠶᠢ ᠬᠥᠳᠡᠯᠦᠩᠭᠦᠶ ᠪᠠᠷ ᠨᠡᠶᠢᠲᠡᠯᠡᠵᠦ᠂ ᠵᠠᠰᠠᠭ ᠤᠨ ᠣᠷᠳᠣᠨ ᠳᠡᠮᠵᠢᠬᠦ ᠢᠲᠡᠭᠡᠮᠵᠢᠲᠡᠶ ᠬᠤᠳᠠᠯᠳᠤᠭᠠᠴᠢᠨ | ᠤᠷᠢᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠣᠨᠣᠴᠠᠲᠠᠢ ᠪᠠᠯᠠ ᠣᠷᠣᠭᠤᠯᠬᠤ ᠶᠢ ᠲᠠᠲᠠᠨ᠎ᠠ᠃ | ᠡᠭᠦᠨ ᠠᠴᠠ ᠭᠠᠳᠠᠨ᠎ᠠ᠂ ᠢᠲᠡᠭᠡᠮᠵᠢ ᠶᠢᠨ ᠦᠵᠡᠭᠳᠡᠬᠦᠶᠢᠴᠡ ᠰᠢᠰᠲ᠋ᠧᠮ ᠪᠣᠯᠤᠨ ᠠᠵᠤ ᠦᠢᠯᠡᠰ ᠤᠨ ᠭᠠᠵᠠᠷ ᠤᠨ | ᠵᠢᠷᠤᠭ GIS ᠰᠢᠰᠲ᠋ᠧᠮ ᠤᠨ ᠰᠢᠭᠢᠳᠬᠡᠯ ᠨᠢ ᠠᠵᠤ ᠦᠢᠯᠡᠰ ᠤᠨ ᠬᠡᠯᠬᠢᠶ᠎ᠡ ᠶᠢ ᠥᠨᠳᠥᠷ ᠪᠦᠲᠦᠮᠵᠢᠲᠡᠶ ᠪᠠᠷ | ᠵᠣᠯᠭᠠᠭᠤᠯᠬᠤ ᠶᠢ ᠪᠡᠶᠡᠯᠡᠭᠦᠯᠵᠦ᠂ ᠪᠠᠯᠠ ᠣᠷᠣᠭᠤᠯᠤᠭᠴᠢ ᠶᠢᠨ ︽ᠵᠢᠷᠤᠭ ᠤᠨ ᠶᠣᠰᠣᠭᠠᠷ ᠡᠷᠢᠬᠦ︾ ᠳᠤ ᠨᠠᠩ | ᠲᠥᠬᠦᠮ ᠪᠣᠯᠭᠠᠨ᠎ᠠ ᠭᠡᠵᠦ ᠴᠢᠬᠤᠯᠠᠴᠢᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠰᠢᠷ᠎ᠠ ᠬᠠᠭᠤᠳᠠᠰᠤ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠡᠵᠡᠩᠨᠡᠯᠲᠡ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠠᠮᠢᠳᠣᠯᠢᠭ ᠬᠡᠮᠵᠢᠶ᠎ᠡ︾ ᠶᠢᠨ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠢᠯ ᠪᠦᠷᠢ ᠰᠢᠨᠡᠳᠬᠡᠨ᠂ ᠠᠵᠤ | ᠦᠢᠯᠡᠳᠪᠦᠷᠢ ᠬᠤᠳᠠᠯᠳᠤᠭᠠᠨ ᠤ ᠥᠭᠡᠷᠡᠴᠢᠯᠡᠯᠲᠡ ᠶᠢ ᠠᠶᠠᠨᠳᠠᠭᠠᠨ ᠵᠡᠷᠭᠡ ᠳᠤᠨᠢ ᠶᠠᠪᠤᠭᠳᠠᠭᠤᠯᠵᠤ᠂ ︽ᠣᠷᠣᠯᠴᠠᠬᠤ | - ᠠᠰᠢᠭ ᠭᠥᠷᠳᠡᠬᠦ - ᠳᠡᠭᠡᠭᠰᠢᠯᠡᠭᠦᠯᠬᠦ︾ ᠰᠠᠶᠢᠨ ᠣᠷᠴᠢᠯ ᠢ ᠪᠣᠶ ᠪᠣᠯᠭᠠᠬᠤ ᠬᠡᠷᠡᠭᠲᠡᠶ᠃ ᠳᠠᠷᠠᠭᠠᠴᠢ ᠪᠠᠷ ᠪᠦᠬᠦ | ᠬᠡᠮᠵᠢᠶᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠱᠠᠳᠤ ᠬᠤᠪᠢᠶᠠᠨ ᠪᠦᠷᠬᠦᠬᠦᠯᠬᠦ ᠶᠢ ᠠᠬᠢᠭᠤᠯᠬᠤ ᠶᠢᠨ ᠬᠠᠮᠲᠤ | ᠬᠠᠤᠯᠢ ᠴᠠᠭᠠᠵᠠ ᠶᠢᠨ ᠪᠦᠯᠬᠦᠮ ᠢ ᠵᠣᠬᠢᠴᠠᠭᠤᠯᠤᠨ ᠮᠡᠳᠡᠭᠡ ᠵᠠᠩᠭᠢ ᠶᠢᠨ ᠲᠦᠭᠰᠢᠭᠦᠷᠢ ᠠᠴᠠ ᠵᠠᠶᠢᠯᠠᠭᠤᠯᠵᠤ᠂ ᠠᠵᠤ | ᠠᠬᠤᠶᠢᠯᠠᠯ ᠤᠨ ᠠᠮᠤᠷ ᠲᠦᠪᠰᠢᠨ ᠬᠥᠭᠵᠢᠯᠲᠡ ᠶᠢ ᠬᠠᠮᠠᠭᠠᠯᠠᠨ᠎ᠠ᠃ ᠠᠵᠤ ᠠᠬᠤᠶᠢᠯᠠᠯ ᠤᠨ ᠰᠢᠷ᠎ᠠ ᠬᠠᠭᠤᠳᠠᠰᠤ ᠪᠣᠯ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠰᠢᠨ᠎ᠡ ᠶᠢ ᠡᠭᠦᠳᠬᠦ ᠦᠢᠯᠡᠳᠦᠯᠭᠡ | ᠪᠣᠯᠤᠨ᠎ᠠ᠂ ᠡᠨᠡ ᠨᠢ ᠣᠳᠣᠬᠠᠨ ᠤ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ ᠪᠠᠷ ᠪᠠᠷᠠᠬᠤ ᠦᠭᠡᠢ᠂ ᠨᠡᠩ ᠴᠤ ᠣᠷᠣᠨ ᠪᠦᠰᠡ ᠶᠢᠨ ᠠᠵᠤ ᠠᠬᠤᠢ ᠶᠢᠨ ᠲᠣᠭᠠᠴᠢᠯᠠᠭᠰᠠᠨ | ᠬᠡᠯᠪᠡᠷᠢ ᠪᠠᠨ ᠬᠤᠪᠢᠷᠠᠭᠤᠯᠬᠤ ᠳᠤ ᠲᠤᠯᠭᠠᠭᠤᠷᠢᠯᠠᠬᠤ ᠴᠡᠭ ᠬᠠᠩᠭᠠᠵᠤ ᠴᠢᠳᠠᠨ᠎ᠠ᠃ ᠡᠯ᠎ᠡ ᠠᠵᠢᠯ ᠲᠥᠷᠥᠯ ᠤᠨ | ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠦᠴᠦᠯᠡᠵᠦ᠂ ᠰᠢᠷ᠎ᠠ ᠬᠠᠭᠤᠳᠠᠰᠤ ᠶᠢᠨ ︽ᠮᠡᠳᠡᠭᠡ ᠵᠠᠩᠭᠢ ᠶᠢᠨ ᠰᠢᠷ᠎ᠠ | ᠬᠠᠭᠤᠳᠠᠰᠤ︾ ᠠᠴᠠ ︽ᠬᠥᠭᠵᠢᠯᠲᠡ ᠶᠢᠨ ᠬᠠᠨᠳᠣᠰᠢ ᠶᠢᠨ ᠵᠢᠷᠤᠭ︾ ᠳᠠᠰᠢ ᠲᠠᠰ ᠳᠡᠪᠰᠢᠬᠦ ᠶᠢ ᠠᠬᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ ᠵᠢᠭᠠᠪᠣᠷᠢᠯᠠᠪᠠ᠃ | |