ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 107 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2025/4/15
    4 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 107 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠵᠡᠷᠭᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠦ ᠴᠢᠩ ᠬᠠᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠵᠡᠷᠭᠡ ᠬᠤᠰᠢᠭᠤᠨ ᠤ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃    ᠬᠤᠷᠠᠯ ᠳᠡᠭᠡᠷ᠎ᠡ᠂ 3 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ᠰᠢᠨᠵᠢᠯᠡᠭᠡ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ︾᠂  ᠱᠢ ᠭᠤᠸᠠᠩ ᠡᠾᠦ᠋ᠢ ᠳᠡᠳ᠋ ᠱᠦᠵᠢ ᠶᠢᠨ ᠪᠥᠬᠦ ᠣᠷᠣᠨ ᠤ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ︔ ︽ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ︾ ᠪᠠ ︽ᠵᠠᠷᠤᠳ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠳᠠᠭᠠᠨ ᠦᠨᠡᠨ ᠬᠦ ᠠᠭᠤᠰᠤᠯᠴᠠᠭᠤᠯᠵᠤ᠂ ᠰᠤᠷᠤᠯᠴᠠᠯᠭ᠎ᠠ ᠬᠥᠮᠦᠵᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠥᠷᠨᠢᠬᠦ ᠶᠢ ᠠᠬᠢᠭᠤᠯᠬᠤ ᠬᠡᠷᠡᠭᠲᠡᠢ᠃ ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠡᠯ᠎ᠡ ᠭᠠᠵᠠᠷ ᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠣᠷᠣᠨ ᠳᠤ ᠪᠠᠨ ᠭᠦᠨᠵᠡᠭᠡᠶᠢᠷᠡᠨ ᠬᠠᠮᠢᠶ᠎ᠠ ᠪᠦᠬᠦᠢ ᠭᠠᠵᠠᠷ ᠣᠷᠣᠨ ᠤ ᠣᠶ ᠰᠢᠭᠤᠶ ᠨᠤᠳᠤᠭ ᠪᠡᠯᠴᠢᠭᠡᠷ ᠢ ᠡᠪᠳᠡᠭᠰᠡᠨ ᠤᠯᠤᠰ ᠲᠥᠷᠥ ᠶᠢᠨ ᠠᠵᠢᠯ ᠢ ᠱᠠᠭᠠᠷᠳᠠᠨ ᠵᠢᠯᠣᠭᠤᠳᠴᠤ᠂ ︽ᠡᠮᠦᠨ᠎ᠡ ᠬᠠᠷᠠᠭᠤᠯ︾ ᠤᠨ ᠤᠶᠢᠯᠡᠳᠤᠯ ᠢᠶᠠᠨ ᠰᠠᠶᠢᠲᠤᠷ ᠪᠠᠳᠠᠷᠠᠭᠤᠯᠤᠨ᠂ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠶ ᠰᠢᠭᠤᠶ ᠨᠤᠳᠤᠭ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠰᠠᠭᠤᠳᠠᠯ ᠤᠨ ᠬᠤᠤᠷ ᠬᠥᠨᠥᠭᠡᠯ ᠵᠢᠴᠢ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠨᠡᠶᠢᠲᠡᠯᠢᠭ ᠬᠡᠷᠡᠭ ᠤᠨ ᠵᠢᠱᠢᠶ᠎ᠡ ᠶᠢ ᠬᠡᠷᠡᠭᠯᠡᠨ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠣᠶ ᠰᠢᠭᠤᠶ ᠨᠤᠳᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠲᠠᠢ ᠵᠢᠷᠤᠭ ᠲᠤᠯᠪᠤ ᠶᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠴᠢᠩᠭᠠᠳᠬᠠᠪᠠ᠃    ᠬᠤᠷᠠᠯ ᠠᠴᠠ ᠱᠠᠭᠠᠷᠳᠠᠭᠰᠠᠨ ᠨᠢ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠪᠥᠬᠦ ᠵᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠶᠡᠭᠡ ᠶᠠᠪᠤᠳᠠᠯ︾ ᠢ ᠨᠠᠷᠢᠨ ᠬᠢᠨᠠᠮᠠᠭᠠᠶ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠠᠶ ᠳᠤ ᠰᠠᠭᠤᠷᠢᠯᠠᠨ᠂ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ᠂ ᠬᠡᠭᠡᠷ᠎ᠡ ᠶᠢᠨ ᠬᠦᠢᠯᠡᠰᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ ᠂ ᠣᠲᠣ ᠶᠢᠨ ᠪᠠᠶᠢᠭ᠎ᠠ ᠳᠠᠪᠠᠭᠤᠯᠢᠭ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠬᠦ ᠬᠡᠷᠡᠭᠲᠡᠶ᠃ ᠬᠤᠯᠠᠭᠠᠢ ᠪᠠᠷ ᠮᠠᠯᠵᠢᠬᠤ᠂ ᠳᠤᠷ᠎ᠠ ᠪᠠᠷ ᠢᠶᠠᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠶ ᠶᠢ ᠰᠡᠷᠭᠦᠭᠡᠬᠦ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠡᠷᠡᠭᠦᠯ ᠠᠮᠢ ᠠᠬᠤᠶ ᠣᠷᠴᠢᠨ ᠲᠣᠭᠤᠷᠢᠨ ᠤ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠠᠬᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠠᠵᠢᠯᠯᠠᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ ᠵᠠᠷᠤᠳ ᠬᠤᠰᠢᠭᠤᠨ ᠤ ᠣᠨᠴᠠᠯᠢᠭ ᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠬᠦᠴᠦᠯᠡᠨ ᠢᠯᠡᠷᠡᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号