ᠵᠠᠷᠤᠳ‌ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠣᠯᠣᠳᠤᠭᠠᠷ ᠤᠳᠠᠭᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2025/4/15
   4 ᠰᠠᠷ᠎ᠠ ᠶᠢᠨ 14 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠱᠤᠤ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠠᠵᠢᠯ ᠤᠨ ᠭᠤᠤᠯᠳᠠᠯᠭ᠎ᠠ︾᠂ ︽ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠠᠵᠢᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃    
微信图片_20250415111248.jpg
    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠶᠡᠭᠡ  ᠪᠠᠷ ᠠᠳᠬᠤᠬᠤ ᠵᠢᠯ ᠮᠦᠨ᠂ ᠡᠯ᠎ᠡ ᠰᠠᠯᠠᠭ᠎ᠠ ᠮᠦᠴᠢᠷ ᠬᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠲᠥᠯᠥᠨ ᠳᠠᠭᠠᠭᠤᠯᠬᠤ ᠴᠢᠨᠠᠷᠲᠠᠶ ᠥᠭᠡᠷᠡᠴᠢᠯᠡᠯᠲᠡ ᠶᠢ ᠴᠢᠩᠭ᠎ᠠ ᠠᠳᠬᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠥᠬᠦ ᠬᠤᠰᠢᠭᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠶ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠳᠠᠭᠳᠠᠯ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠦᠨᠳᠤᠷ ᠪᠢᠰᠢ᠂ ᠰᠤᠶᠤᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠤᠨ ᠲᠤᠭᠲᠠᠴᠠ ᠪᠦᠷᠢᠨ ᠪᠤᠰᠤ ᠵᠡᠷᠭᠡ ᠪᠤᠭᠤᠮᠢ ᠲᠦᠭᠵᠢᠷᠡᠯ ᠳᠤ ᠠᠩᠬᠠᠷᠤᠯ ᠢᠶᠠᠨ ᠲᠦᠪᠯᠡᠷᠡᠭᠦᠯᠵᠦ᠂ ᠦᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠦᠲᠦᠭᠡᠯᠴᠢ ᠪᠠᠷ ᠲᠦᠯᠦᠪᠵᠢᠭᠦᠯᠵᠦ᠂ ᠪᠦᠬᠦ ᠬᠦᠴᠦᠨ ᠢᠶᠠᠷ ᠢᠶᠠᠨ ᠲᠤᠷᠰᠢᠯᠲᠠ ᠶᠢᠨ ᠴᠡᠭ᠂ ᠨᠡᠶᠢᠳᠡᠯᠢᠭ ᠵᠢᠱᠢᠶ᠎ᠡ ᠡᠭᠦᠳᠬᠦ᠂ ᠦᠷ᠎ᠡ ᠪᠦᠲᠦᠭᠡᠯ ᠭᠠᠷᠭᠠᠵᠤ᠂ ᠦᠨᠡᠨᠬᠦ ᠦᠭᠡᠷᠡᠴᠢᠯᠡᠯᠲᠡ ᠶᠢᠨ ᠠᠷᠭ᠎ᠠ ᠪᠠᠷᠢᠯ ᠢᠶᠠᠷ ᠬᠦᠭᠵᠢᠯᠲᠡ ᠶᠢ ᠨᠦᠯᠦᠭᠡᠯᠡᠵᠦ ᠪᠠᠶᠢᠭ᠎ᠠ ᠪᠤᠭᠤᠮᠢ ᠬᠢᠵᠠᠭᠠᠷᠯᠠᠯ ᠢ ᠠᠷᠢᠯᠭᠠᠨ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠤᠳᠠᠳᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠠᠢ᠃ ᠬᠤᠶᠠᠷ ᠲᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠬᠤ ᠬᠡᠷᠡᠭᠲᠡᠢ᠃ ᠥᠭᠡᠷᠡᠴᠢᠯᠡᠯᠲᠡ ᠶᠢᠨ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠥᠭᠡᠷᠡᠴᠢᠯᠡᠯᠲᠡ ᠶᠢᠨ ᠭᠠᠷᠳᠠᠴᠠ ᠪᠠ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠨ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠭᠠᠷᠭᠠᠵᠤ᠂ ᠬᠤᠯᠪᠣᠭᠳᠠᠯ ᠪᠦᠬᠦᠢ ᠨᠡᠶᠢᠲᠡᠯᠢᠭ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠠᠵᠢᠯ ᠤᠨ ᠦᠷ᠎ᠡ ᠪᠦᠲᠦᠮᠵᠢ ᠶᠢ ᠪᠣᠯᠪᠠᠰᠤᠷᠠᠭᠤᠯᠤᠨ ᠮᠡᠳᠡᠭᠦᠯᠵᠦ᠂ ᠳᠣᠲᠣᠭᠠᠳᠤ ᠳᠠᠭᠠᠨ ᠤᠬᠠᠭᠤᠯᠬᠤ ᠪᠠ ᠭᠠᠳᠠᠭᠠᠳᠤ ᠤᠬᠠᠭᠤᠯᠭ᠎ᠠ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠠᠩᠬᠠᠨ ᠤ ᠡᠭᠦᠳᠦᠯᠲᠡ ᠶᠢᠨ ᠴᠢᠨᠠᠷᠲᠠᠢ᠂ ᠢᠯᠭᠠᠨ ᠲᠠᠨᠢᠬᠤ ᠬᠡᠮᠵᠢᠶ᠎ᠡ ᠲᠠᠢ ᠨᠢᠭᠡ ᠪᠦᠯᠦᠭ ᠬᠡᠷᠡᠭ ᠤᠨ ᠵᠢᠱᠢᠶ᠎ᠡ ᠶᠢᠨ ᠵᠠᠭᠪᠤᠷ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠭᠤᠷᠪᠠ ᠳᠤ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠬᠤ ᠬᠡᠷᠡᠭᠲᠡᠢ᠃ ᠬᠤᠰᠢᠭᠤᠨ ᠲᠠᠰ ᠤᠨ ᠤᠳᠤᠷᠢᠳᠬᠤ ᠨᠥᠬᠦᠳ ᠡᠮᠦᠨ᠎ᠡ ᠨᠢ ᠵᠢᠯᠣᠭᠤᠳᠴᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ 1 ᠵᠤᠶᠢᠯ ᠤᠨ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠬᠦᠯᠢᠶᠡᠨ ᠠᠪᠴᠤ᠂ ᠠᠩᠬᠠᠷᠤᠨ ᠬᠦᠢᠴᠡᠳᠭᠡᠵᠦ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠲᠤᠰᠢᠶᠠᠬᠤ ᠶᠢ ᠪᠠᠲᠤᠯᠠᠬᠤ ᠬᠡᠷᠡᠭᠲᠡᠶ᠃ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠠᠯᠪᠠᠨ ᠬᠡᠷ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠬᠢᠨᠠᠨ ᠰᠢᠢᠳᠪᠦᠷᠢᠯᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠡᠯ᠎ᠡ ᠲᠤᠰᠬᠠᠢ ᠲᠦᠷᠦᠯ ᠤᠨ ᠳᠤᠭᠤᠶᠢᠯᠠᠩ ᠤᠨ ᠬᠢᠨ ᠲᠥᠯᠥᠪᠵᠢᠭᠦᠯᠦᠨ ᠠᠬᠢᠭᠤᠯᠬᠤ᠂ ᠬᠡᠰᠡᠭ ᠬᠤᠪᠢᠶᠠᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠠᠷᠢᠨ ᠲᠠᠩᠰᠠᠵᠢᠭᠤᠯᠤᠨ ᠠᠬᠢᠭᠤᠯᠵᠤ᠂ ᠲᠦᠷᠦᠯ ᠵᠦᠢᠯᠵᠢᠬᠦᠯᠦᠨ ᠬᠠᠮᠢᠶᠠᠷᠴᠤ᠂ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠷᠠᠭᠤᠯᠵᠤ᠂ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ ᠨᠠᠷᠢᠯᠢᠬᠵᠢᠭᠤᠯᠵᠤ᠂ ᠣᠨ ᠤ ᠥᠭᠡᠷᠡᠴᠢᠯᠡᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ︔ ᠬᠠᠮᠵᠢᠯᠴᠠᠬᠤ ᠰᠠᠯᠠᠭ᠎ᠠ ᠮᠥᠴᠢᠷ ᠤᠳ ᠨᠡᠪᠳᠡᠷᠡᠯᠴᠡᠨ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠲᠠᠯ᠎ᠠ ᠶᠢᠨ ᠬᠠᠮᠲᠤᠷᠠᠯ ᠬᠦᠴᠦᠨ ᠢ ᠬᠠᠮᠲᠤᠪᠠᠷ ᠨᠢᠭᠲᠠᠷᠠᠭᠤᠯᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠪᠡ᠃    ᠵᠠᠷᠤᠳ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠡᠰᠢᠭᠦᠨ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号