ᠯᠢ ᠰᠢᠨ ᠷᠦᠩ ᠦᠯᠵᠡᠶᠢᠮᠦ᠋ᠷᠡᠨ ᠰᠤᠮᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/4/16
     4 ᠰᠠᠷ᠎ᠠ ᠶᠢᠨ 15 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠨ ᠷᠦᠩ ᠳᠠᠭᠠᠭᠠᠴᠢᠯᠠᠨ ᠬᠤᠯᠪᠤᠭᠠᠯᠠᠭᠰᠠᠨ ᠭᠠᠵᠠᠷ ᠣᠷᠣᠨ ᠦᠯᠵᠡᠶᠢᠮᠦ᠋ᠷᠡᠨ ᠰᠤᠮᠤᠨ ᠳᠤ ᠬᠦᠷᠴᠦ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠯᠢ ᠰᠢᠨ ᠷᠦᠩ ᠬᠠᠮᠳᠤ ᠶᠠᠪᠤᠭᠰᠠᠳ ᠲᠠᠢ ᠪᠠᠨ ᠠᠬᠤᠢ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠦᠯᠵᠡᠶᠢᠮᠦ᠋ᠷᠡᠨ ᠰᠤᠮᠤ ᠶᠢᠨ ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠲᠤᠭᠳᠠᠭᠠᠯ ᠠᠴᠠ ᠵᠦᠷᠢᠴᠡᠭᠰᠡᠨ ᠤᠶᠢᠯᠡ ᠠᠵᠢᠯᠯᠠᠭ᠎ᠠ ᠶᠢ ᠲᠦᠪᠯᠡᠷᠡᠭᠦᠯᠤᠨ ᠴᠡᠭᠴᠡᠯᠡᠨ ᠵᠠᠰᠠᠬᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠲᠦᠷᠦᠯ ᠵᠦᠢᠯ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠭᠰᠡᠨ ᠪᠥᠭᠡᠳ ᠢᠯᠡᠷᠡᠭᠦᠯᠦᠭᠰᠡᠨ ᠠᠰᠠᠭᠤᠳᠠᠯ ᠳᠤ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃    
微信图片_20250416114946.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号