ᠸᠠᠩ ᠭᠠᠩ ᠵᠠᠷᠤᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/17
         4 ᠰᠠᠷ᠎ᠠ ᠶᠢᠨ 16  ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠭᠠᠩ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠣᠳᠣᠯᠣᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠨ ᠴᠢᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ ᠵᠢᠴᠢ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠸᠠᠩ ᠭᠠᠩ ᠤᠷᠢᠳ ᠬᠤᠵᠢᠳ ᠵᠠᠬᠠᠨᠠᠭᠤᠷ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠯᠦᠪᠸᠢ ᠪᠠᠯᠭᠠᠰᠤᠨ ᠤ ᠯᠠᠯᠤ ᠶᠢᠨ ᠰᠦᠮ᠎ᠡ ᠵᠡᠷᠭᠡ ᠭᠠᠵᠠᠷ ᠢᠶᠠᠷ ᠬᠦᠷᠴᠦ᠂ ᠵᠠᠬᠠᠨᠠᠭᠤᠷ 35 ᠲᠦᠮᠡᠨ ᠲᠣᠨ ᠪᠤᠬᠢᠷᠳᠣᠯ ᠦᠭᠡᠢ ᠴᠠᠬᠢᠯᠭᠠᠨ ᠬᠦᠩᠭᠡᠨᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠵᠢᠴᠢ ᠱᠠᠰᠢᠨ ᠰᠤᠷᠲᠠᠬᠤᠨ ᠤ ᠠᠵᠢᠯ ᠤᠨ ᠥᠷᠨᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠸᠠᠩ ᠭᠠᠩ ᠵᠠᠷᠤᠳ ᠬᠤᠰᠢᠭᠤᠨ ᠤ ᠠᠵᠤ ᠦᠢᠯᠡᠰ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠵᠡᠷᠭᠡ ᠠᠵᠢᠯ ᠢ ᠭᠦᠶ᠋ᠴᠡᠳ ᠨᠤᠲᠠᠯᠠᠪᠠ᠃ ᠲᠡᠷᠡ ᠢᠯᠡᠷᠬᠡᠶᠢᠯᠡᠬᠦ ᠳᠡᠭᠡᠨ᠂ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ ᠦᠨᠳᠦᠷᠴᠡ ᠠᠴᠠ ᠠᠯᠤᠰ ᠬᠡᠳᠦ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠶᠢᠨ ᠪᠠᠶᠢᠷᠢ ᠲᠣᠭᠲᠠᠭᠠᠯᠲᠠ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠥᠯᠥᠪᠵᠢᠭᠦᠯᠵᠦ᠂ ᠭᠠᠵᠠᠷ ᠣᠷᠣᠨ ᠤ ᠴᠢᠨᠠᠷ ᠰᠠᠶᠢᠲᠠᠢ ᠡᠬᠢ ᠪᠠᠶᠠᠯᠢᠭ ᠢ ᠭᠦᠨᠵᠡᠭᠡᠢ ᠠᠭᠤᠳᠠᠯᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠲᠠᠯᠠᠪᠤᠷ ᠤᠨ ᠡᠯ᠎ᠡ ᠵᠦᠢᠯ ᠤᠨ ᠲᠦᠷᠢᠮ ᠲᠣᠭᠲᠠᠭᠠᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠵᠢᠷᠤᠮᠵᠢᠯ᠂ ᠳᠦᠷᠢᠮᠵᠢᠯᠲᠡ᠂ ᠬᠠᠤᠯᠢᠵᠢᠯᠳᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠪᠠᠲᠤ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠠᠶᠢᠭᠤᠯᠬᠤ ᠶᠢ ᠴᠢᠬᠤᠯᠠᠴᠢᠯᠠᠵᠤ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠨ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠰᠢᠨ᠎ᠡ ᠦᠨᠳᠦᠷᠴᠡ ᠪᠠᠷ ᠪᠦᠬᠦ ᠬᠤᠲᠠ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号