| 4 ᠰᠠᠷ᠎ᠠ ᠶᠢᠨ 16 ᠤ ᠡᠳᠦᠷ᠂ ᠵᠠᠷᠤᠳ ᠬᠤᠰᠢᠭᠤ 2025 ᠣᠨ ᠤ ᠬᠠᠪᠤᠷ ᠤᠨ ᠤᠯᠠᠷᠢᠯ ᠤᠨ ᠠᠯᠪᠠᠨ | ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠮᠣᠳᠣ ᠳᠠᠷᠢᠬᠤ ᠴᠡᠭ ᠲᠤ ᠴᠥᠮ | ᠨᠠᠮ ᠤᠨ ᠭᠡᠰᠢᠭᠦᠨ ᠺᠠᠳ᠋ᠷ ᠣᠯᠠᠨ ᠲᠦᠮᠡᠨ ᠵᠢᠴᠢ ᠰᠠᠶᠢᠨ ᠳᠤᠷᠠᠴᠤᠳ ᠤᠨ ᠮᠣᠳᠣ ᠳᠠᠷᠢᠵᠤ ᠣᠶᠢᠵᠢᠭᠤᠯᠤᠭᠰᠠᠨ | ᠪᠠᠷ᠎ᠠ ᠬᠠᠷᠠᠭᠳᠠᠵᠤ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠠᠷᠤᠳ ᠲᠤ ᠰᠢᠨ᠎ᠡ | ᠨᠣᠭᠤᠭᠠᠨ ᠥᠩᠭᠡ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡ ᠠᠭᠤᠯᠠ ᠬᠥᠬᠡᠮᠳᠦᠭ ᠤᠰᠤ ᠪᠣᠯ | ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠪᠡ᠃ ᠡᠦ ᠴᠢᠩ ᠬᠠᠢ ᠵᠡᠷᠭᠡ | ᠬᠤᠰᠢᠭᠤᠨ ᠤ ᠤᠳᠤᠷᠢᠳᠤᠯᠭ᠎ᠠ ᠣᠯᠠᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠪᠠ᠃ | ︽ᠥᠨᠥᠳᠦᠷ᠂ ᠪᠢᠳᠡ ᠪᠥᠬᠦ ᠬᠤᠰᠢᠭᠤᠨ ᠤ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠯᠦᠪᠸᠢ ᠣᠶ | ᠰᠢᠭᠤᠶ ᠶᠢᠨ ᠲᠠᠯᠠᠪᠠᠶ ᠶᠢᠨ ᠭᠤᠷᠪᠠᠳᠤᠭᠠᠷ ᠬᠤᠪᠢᠶᠠᠷᠢ ᠲᠠᠯᠠᠪᠠᠶ ᠳᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ | ᠥᠷᠨᠢᠭᠦᠯᠵᠦ᠂ ᠨᠠᠩ ᠣᠯᠠᠨ ᠬᠥᠮᠦᠨ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠴᠢᠨᠠᠷ ᠢ | ᠲᠠᠨᠢᠭᠤᠯᠤᠭᠰᠠᠨ ᠢᠶᠠᠷ ᠪᠠᠷᠠᠬᠤ ᠥᠬᠡᠶ ᠪᠠᠰᠠ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ | ᠰᠢᠪᠳᠣᠯᠣᠯᠲᠠ ᠶᠢᠨ ᠳᠠᠶᠢᠯᠠᠯᠳᠤᠭᠠᠨ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠵᠦ᠂ ᠬᠥᠬᠡ ᠤᠰᠤ | ᠬᠥᠬᠡᠮᠳᠦᠭ ᠠᠭᠤᠯᠠ ᠶᠢᠨ ᠠᠮᠢ ᠠᠬᠤᠶ ᠶᠢᠨ ᠬᠠᠭᠤᠳᠠᠰᠤ ᠶᠢ ᠬᠠᠮᠲᠤ ᠪᠠᠷ ᠵᠢᠷᠤᠭᠯᠠᠪᠠ︾ ᠭᠡᠵᠦ ᠬᠤᠰᠢᠭᠤᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠳ᠋ᠢ ᠲᠠᠨᠢᠯᠴᠠᠭᠤᠯᠪᠠ᠃ | ᠯᠦᠪᠸᠢ ᠤᠢ ᠰᠢᠭᠤᠢ ᠶᠢᠨ ᠲᠠᠯᠠᠪᠠᠢ ᠶᠢᠨ ᠠᠵᠢᠯᠳᠠᠨ ᠪᠦᠦ ᠰᠢᠨ᠄ ︽ᠬᠠᠪᠤᠷ ᠤᠨ ᠤᠯᠠᠷᠢᠯ ᠤᠨ ᠠᠯᠪᠠᠨ | ᠵᠢᠷᠤᠮ ᠤᠨ ᠮᠣᠳᠣ ᠲᠠᠷᠢᠵᠤ ᠣᠶᠢᠵᠢᠭᠤᠯᠵᠤ ᠨᠣᠭᠤᠭᠠᠷᠠᠭᠤᠯᠬᠤ ᠠᠵᠢᠯ ᠨᠢᠭᠡᠨᠲᠡ ᠪᠦᠬᠦ ᠲᠠᠯ᠎ᠠ ᠪᠠᠷ ᠡᠬᠢᠯᠡᠵᠡᠢ᠂ ᠤᠢ | ᠰᠢᠭᠤᠢ ᠶᠢᠨ ᠲᠠᠯᠠᠪᠠᠢ ᠶᠢᠨ ᠬᠥᠮᠦᠨ ᠪᠣᠯᠤᠭᠰᠠᠨ ᠤ ᠬᠤᠪᠢ ᠳᠤ᠂ ᠪᠢᠳᠡ ᠯᠠᠪᠳᠠᠶ᠎ᠠ ᠠᠷᠠᠳ ᠲᠦᠮᠡᠨ ᠳᠤ ︿ᠨᠤᠲᠤᠭ | ᠤᠰᠤ ᠪᠠᠨ ᠰᠠᠬᠢᠨ ᠬᠠᠮᠠᠭᠠᠯᠠᠵᠤ᠂ ᠤᠢ ᠰᠢᠭᠤᠢ ᠶᠢ ᠬᠠᠶᠢᠷᠠᠯᠠᠨ ᠬᠠᠮᠠᠭᠠᠯᠠᠵᠤ᠂ ᠨᠣᠭᠤᠭᠠᠨ ᠦᠩᠭᠡ ᠨᠡᠮᠡᠷᠢᠯᠡᠨ᠎ᠡ﹀ | ᠢᠷᠡᠭᠡᠳᠦᠢ ᠳᠤ᠂ ᠯᠦᠪᠸᠢ ᠤᠢ ᠰᠢᠭᠤᠢ ᠶᠢᠨ ᠲᠠᠯᠠᠪᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠨᠡᠩ ᠤᠯᠠᠨ ᠵᠠᠭᠪᠤᠷ ᠢ | ᠬᠠᠶᠢᠨ ᠰᠦᠪᠡᠭᠴᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠢᠯᠡᠳᠬᠡᠪᠡ᠃ | ᠮᠣᠳᠣ ᠲᠠᠷᠢᠵᠤ ᠣᠶᠢᠵᠢᠭᠤᠯᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠨᠢᠭᠡ | ᠭᠤᠭᠴᠤᠭ᠎ᠠ ᠮᠥᠨ᠃ ᠣᠯᠠᠨ ᠤ ᠬᠥᠷ ᠬᠥᠭᠵᠢᠶᠡᠨᠲᠡᠶ ᠬᠥᠳᠡᠯᠮᠦᠷᠢ ᠪᠠᠷ ᠳᠡᠮᠵᠢᠨ᠂ ᠰᠢᠨ᠎ᠡ ᠪᠠᠷ ᠵᠠᠶᠢᠯᠠᠭᠰᠠᠨ | ᠰᠠᠭᠤᠷᠢ ᠴᠢᠬᠢ ᠮᠣᠳᠣ ᠤᠳ ᠯᠦᠪᠸᠢ ᠣᠶ ᠰᠢᠭᠤᠶ ᠶᠢᠨ ᠲᠠᠯᠠᠪᠠᠶ ᠶᠢᠨ ᠭᠤᠷᠪᠠᠳᠤᠭᠠᠷ ᠬᠤᠪᠢᠶᠠᠷᠢ ᠲᠠᠯᠠᠪᠠᠶ ᠶᠢ ᠨᠠᠩ | ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠲᠠᠢ ᠪᠣᠯᠭᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠯᠪᠠᠨ | ᠵᠢᠷᠤᠮ ᠤᠨ ᠮᠣᠳᠣ ᠳᠠᠷᠢᠬᠤ ᠲᠠᠯᠠᠪᠠᠶ ᠨᠢ ᠪᠠᠷᠤᠭ 1000 ᠮᠥ ᠪᠠᠶᠢᠵᠤ᠂ ᠨᠡᠶᠢᠲᠡ ᠪᠡᠭᠡᠵᠢᠩ ᠲᠤᠭᠤᠷ᠂ ᠬᠠᠶᠢᠯᠠᠷ | ᠨᠠᠷᠠᠰᠤ᠂ ᠮᠥᠩᠭᠦᠨ ᠳᠤᠮᠳᠠ ᠤᠯᠢᠶᠠᠰᠤ᠂ ᠪᠠᠲᠤᠴᠠᠭᠠᠨ᠂ ᠤᠨᠵᠢᠭᠢᠷ ᠤᠳᠠ ᠵᠡᠷᠭᠡ ᠣᠯᠠᠨ ᠵᠦᠢᠯ ᠤᠨ ᠮᠣᠳᠣ ᠶᠢ 5. | 6 ᠲᠦᠮᠡᠨ ᠰᠠᠭᠤᠷᠢ ᠵᠠᠶᠢᠯᠠᠪᠠ᠃ | ᠣᠶᠢᠷ᠎ᠠ ᠶᠢᠨ ᠵᠢᠯ ᠳᠤ᠂ ᠵᠠᠷᠤᠳ ᠬᠤᠰᠢᠭᠤ ︽ᠬᠥᠬᠡ ᠤᠰᠤ ᠬᠥᠬᠡᠮᠳᠦᠭ ᠠᠭᠤᠯᠠ ᠪᠣᠯ ᠠᠯᠲᠠ ᠮᠥᠩᠭᠦᠨ | ᠠᠭᠤᠯᠠ ᠮᠥᠨ︾ ᠭᠡᠬᠦ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠠᠮᠢ | ᠠᠬᠤᠶ ᠪᠠᠷ ᠬᠤᠰᠢᠭᠤ ᠪᠠᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ | ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠥᠬᠦ ᠠᠷᠠᠳ ᠢ ᠥᠷᠭᠡᠨ ᠢᠶᠠᠷ | ᠳᠠᠶᠢᠴᠢᠯᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠤᠯᠪᠠ᠃ ᠲᠤᠬᠠᠶ ᠶᠢᠨ ᠭᠠᠵᠠᠷ ᠤᠨ | ᠪᠣᠳᠠᠲᠤ ᠪᠠᠶᠢᠳᠠᠯ ᠢ ᠦᠨᠳᠦᠰᠦᠯᠡᠨ᠂ ᠲᠣᠬᠢᠷᠠᠮᠵᠢᠲᠠᠶ ᠮᠣᠳᠣᠨ ᠤ ᠲᠥᠷᠥᠯ ᠢ ᠰᠢᠨᠵᠢᠯᠡᠬᠦ ᠤᠬᠠᠭᠠᠨᠴᠢ ᠵᠦᠶ | ᠵᠣᠬᠢᠰᠲᠠᠶ ᠪᠠᠷ ᠰᠣᠩᠭᠤᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠶ᠋ᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ | ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠢᠷᠡᠭᠰᠡᠨ | ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠵᠠᠷᠤᠳ ᠲᠤ | ᠨᠣᠮᠢᠨ ᠨᠣᠭᠤᠭᠠᠨ ᠠᠭᠤᠯᠤᠭᠳᠠᠬᠤᠨ ᠢ ᠦᠷᠭᠦᠯᠵᠢᠯᠡᠨ ᠨᠡᠮᠡᠷᠢᠯᠡᠵᠦ ᠪᠤᠢ᠃ |